ᠣᠷᠳᠣᠰ ᠬᠤᠲᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ
ᠨᠡᠶᠢᠲᠡᠯᠡᠭᠰᠡᠨ ᠴᠠᠭ᠄
2024/11/1
ᠣᠷᠳᠣᠰ ᠬᠤᠲᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠴᠢᠳᠠᠪᠬᠢ ᠶᠢᠨ ᠲᠤᠬᠢᠷᠠᠭᠤᠯᠤᠯᠳᠠ᠂ ᠳᠣᠳᠣᠭᠠᠳᠣ ᠶᠢᠨ ᠪᠠᠶᠢᠭᠤᠯᠤᠮᠵᠢ ᠪᠤᠯᠤᠨ ᠠᠵᠢᠯᠳᠠᠨ ᠤ ᠣᠷᠣᠨ ᠲᠤᠭ᠎ᠠ ᠶᠢᠨ ᠲᠤᠭᠳᠠᠭᠠᠯ        ᠨᠢᠭᠡᠳᠣᠭᠡᠷ ᠵᠦᠢᠯ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠎ ᠤᠨ ᠣᠷᠳᠣᠨ ᠠᠴᠠ ᠵᠦᠪᠰᠢᠶᠡᠷᠡᠭᠰᠡᠨ ︽ᠤᠷᠳᠣᠰ ᠬᠤᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠳᠦᠰᠦᠯ︾ ᠪᠤᠯᠤᠨ ᠣᠷᠳᠣᠰ ᠬᠤᠲᠠ ᠠᠴᠠ ᠳᠠᠷᠤᠮᠠᠯᠯᠠᠨ ᠲᠠᠷᠬᠠᠭᠠᠭᠰᠠᠨ ᠣᠷᠳᠣᠰ ᠬᠤᠲᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠬᠡᠷᠡᠭᠵᠢᠭᠦᠯᠬᠦ ᠰᠠᠨᠠᠯ︾᠎ ᠢ ᠦᠨᠳᠦᠰᠦᠯᠡᠨ ᠲᠤᠰ ᠲᠤᠭᠳᠠᠭᠠᠯ ᠢ ᠳᠣᠭᠳᠠᠭᠠᠪᠠ᠃     ᠬᠤᠶᠠᠳᠣᠭᠠᠷ ᠵᠦᠢᠯ    ᠣᠷᠳᠣᠰ ᠬᠤᠲᠠ ᠶᠢᠨ ᠲᠤᠭ᠎ᠠ ᠪᠦᠷᠢᠳᠬᠡᠯ ᠤᠨ ᠲᠤᠪᠴᠢᠶ᠎ᠠ ᠨᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠦᠴᠢᠷ ᠪᠠᠶᠢᠵᠤ᠂ ᠵᠢᠩᠬᠢᠨᠢ ᠭᠠᠵᠠᠷ ᠤᠨ ᠳᠡᠰ ᠤᠨ ᠪᠠᠶᠢᠭᠤᠯᠭ᠎ᠠ ᠪᠤᠯᠤᠨ᠎ᠠ᠃ᠭᠤᠷᠪᠠᠳᠣᠭᠠᠷ ᠵᠦᠢᠯ   ᠣᠷᠳᠣᠰ ᠬᠤᠲᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ ᠨᠢ ᠨᠠᠮ ᠤᠨ ᠲᠦᠪ ᠬᠤᠷᠢᠶ᠎ᠠ ᠶᠢᠨ ᠲᠤᠭ᠎ᠠ ᠪᠦᠷᠢᠳᠭᠡᠯ ᠤᠨ ᠠᠵᠢᠯ ᠤᠨ ᠲᠤᠬᠠᠢ ᠴᠢᠭᠯᠡᠯᠳᠡ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠤᠷᠢᠳᠣ ᠪᠤᠳᠣᠯᠭ᠎ᠠ ᠶᠢᠨ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠤ᠂ ᠳᠣᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ ᠲᠤᠭ᠎ᠠ  ᠪᠦᠷᠢᠳᠭᠡᠯ ᠎ ᠤᠨ ᠠᠵᠢᠯ ᠳᠠᠬᠢ ᠨᠠᠮ ᠤᠨ ᠲᠦᠪᠯᠡᠷᠡᠩᠭᠦᠢ ᠨᠢᠭᠡᠳᠣᠯᠳᠡᠢ ᠣᠳᠣᠷᠢᠳᠣᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ᠭᠤᠤᠯ ᠲᠤᠰᠢᠶᠠᠯ ᠬᠠᠷᠢᠭᠤᠴᠠᠯᠭ᠎ᠠ ᠪᠤᠯ᠄     ︵ᠨᠢᠭᠡ︶ ᠣᠯᠣᠰ ᠤᠨ ᠬᠠᠤᠯᠢ ᠴᠠᠭᠠᠵᠠ ᠬᠠᠤᠯᠢ ᠲᠤᠭᠳᠠᠭᠠᠯ ᠪᠠ ᠦᠪᠡᠷᠳᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠤᠭᠳᠠᠭᠠᠯ ᠵᠢᠴᠢ ᠲᠤᠭ᠎ᠠ ᠪᠦᠷᠢᠳᠭᠡᠯ ᠤᠨ ᠳᠦᠷᠢᠮ᠂ ᠲᠤᠭ᠎ᠠ ᠪᠦᠷᠢᠳᠭᠡᠯ ᠤᠨ ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠭᠡᠯ ᠤᠨ ᠬᠠᠣᠯᠢ ᠴᠠᠭᠠᠵᠠ ᠬᠠᠤᠯᠢ ᠳᠦᠷᠢᠮ ᠪᠠ ᠲᠤᠭ᠎ᠠ ᠪᠦᠷᠢᠳᠭᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠳᠡ ᠶᠢ ᠬᠢᠨᠠᠨ  ᠪᠠᠶᠢᠴᠠᠭᠠᠨ᠎ᠠ᠃ ᠪᠦᠬᠦ ᠬᠤᠲᠠ ᠶᠢᠨ ᠲᠤᠭ᠎ᠠ ᠪᠦᠷᠢᠳᠭᠡᠯ ᠎ ᠤᠨ ᠠᠵᠢᠯ ᠢ ᠵᠤᠬᠢᠶᠠᠨ ᠪᠠᠶᠢᠭᠤᠯᠣᠨ ᠵᠣᠬᠢᠴᠠᠭᠤᠯᠤᠨ᠎ᠠ᠃     ︵ᠬᠤᠶᠠᠷ︶  ᠣᠯᠣᠰ ᠠᠷᠠᠳ ᠶᠢᠨ ᠠᠵᠤ ᠠᠬᠤᠢ ᠶᠢᠨ ᠲᠤᠭᠠᠴᠠᠭ᠎ᠠ ᠶᠢᠨ ᠲᠤᠭᠳᠠᠯᠴᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠲᠠ ᠵᠢᠴᠢ ᠡᠯ᠎ᠡ ᠬᠤᠰᠢᠭᠤ ᠲᠤᠭᠤᠷᠢᠭ ᠤᠨ ᠣᠯᠣᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠶᠢᠨ ᠳᠦᠷᠢᠮ ᠪᠠ ᠪᠦᠬᠦ ᠬᠤᠲᠠ ᠶᠢᠨ ᠤᠷᠤᠭᠤᠯᠤᠯᠳᠠ ᠪᠠ ᠭᠠᠷᠭᠠᠯᠳᠠ ᠶᠢᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠪᠦᠬᠦ ᠬᠤᠲᠠ ᠵᠢᠴᠢ ᠡᠯ᠎ᠡ ᠬᠤᠰᠢᠭᠤ ᠲᠤᠭᠤᠷᠢᠭ ᠤᠨ ᠦᠢᠯᠡᠳᠪᠤᠷᠢᠯᠡᠯ ᠤᠨ  ᠶᠡᠷᠤᠩᠭᠡᠢ ᠦᠷᠳᠡᠭ ᠢ ᠲᠤᠭᠠᠴᠠᠵᠤ᠂ ᠣᠯᠣᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠶᠢᠨ ᠮᠠᠲ᠋ᠧᠷᠢᠶᠠᠯ ᠢ ᠡᠮᠬᠢᠳᠭᠡᠵᠤ᠂ ᠡᠯ᠎ᠡ ᠬᠤᠰᠢᠭᠤ ᠲᠤᠭᠤᠷᠢᠭ ᠤᠨ ᠣᠯᠣᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠶᠢᠨ ᠠᠵᠢᠯ ᠢ ᠬᠢᠨᠠᠨ ᠬᠠᠮᠢᠶᠠᠷᠤᠨ᠎ᠠ᠃     ︵ᠭᠤᠷᠪᠠ︶ ᠪᠦᠬᠦ ᠬᠤᠲᠠ ᠶᠢᠨ ᠬᠦᠮᠦᠨ ᠠᠮᠠ᠂ ᠠᠵᠤ ᠠᠬᠤᠢ᠂ ᠳᠠᠷᠢᠶᠠᠯᠠᠩ ᠮᠠᠯ ᠠᠵᠤ ᠠᠬᠤᠢ ᠵᠡᠷᠭᠡ ᠴᠢᠬᠤᠯᠠ ᠶᠡᠭᠡ ᠬᠤᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤ ᠴᠢᠬᠤᠯᠠ ᠶᠡᠭᠡ ᠬᠤᠲᠠ ᠶᠢᠨ ᠪᠠᠶᠢᠳᠠᠯ ᠬᠤᠲᠠ ᠶᠢᠨ ᠬᠦᠴᠦᠨ ᠤ ᠨᠠᠶᠢᠳᠡᠮ ᠪᠠᠶᠢᠴᠠᠭᠠᠯᠲᠠ ᠵᠢᠴᠢ ᠲᠤᠰᠬᠠᠢ ᠪᠠᠶᠢᠴᠠᠭᠠᠯᠳᠠ ᠶᠢᠨ ᠳᠦᠯᠦᠪᠯᠡᠭᠡ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠪᠠᠶᠢᠳᠠᠯ ᠬᠤᠲᠠ ᠶᠢᠨ ᠬᠦᠴᠦᠨ ᠤ ᠬᠤᠯᠪᠤᠭᠳᠠᠯ ᠪᠦᠬᠦᠢ ᠲᠤᠭ᠎ᠠ ᠪᠦᠷᠢᠳᠭᠡᠯ ᠢ  ᠬᠤᠷᠢᠶᠠᠩᠭᠤᠶᠢᠯᠠᠨ ᠡᠮᠬᠢᠳᠭᠡᠵᠦ ᠬᠠᠩᠭᠠᠨ᠎ᠠ᠃     ︵ᠳᠦᠷᠪᠡ︶ ᠳᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠣᠨ ᠤ ᠦᠢᠯᠡᠰ᠂ ᠠᠵᠤ ᠦᠢᠯᠡᠳᠪᠤᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ ᠦᠢᠯᠡᠰ ᠵᠡᠷᠭᠡ ᠪᠦᠬᠦ ᠬᠤᠲᠠ ᠶᠢᠨ ᠣᠯᠣᠰ ᠠᠷᠠᠳ ᠤᠨ ᠠᠵᠤ ᠠᠬᠤᠢ ᠶᠢᠨ ᠡᠯ᠎ᠡ ᠠᠵᠢᠯ ᠲᠦᠷᠦᠯ ᠤᠨ ᠲᠤᠭ᠎ᠠ ᠪᠦᠷᠢᠳᠭᠡᠯ ᠤᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠬᠤᠯᠪᠤᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠴᠤᠭᠴᠠᠯᠠᠭᠤᠯᠵᠤ᠂ ᠬᠤᠷᠢᠶᠠᠩᠭᠤᠶᠢᠯᠠᠨ ᠡᠮᠬᠢᠳᠭᠡᠵᠦ ᠬᠠᠩᠭᠠᠨ᠎ᠠ︔ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠣᠳᠡᠨ ᠤ ᠶᠠᠪᠤᠳᠠᠯ᠂ ᠰᠣᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠳᠣᠯᠠᠭ᠎ᠠ᠂ ᠨᠡᠶᠢᠲᠡ ᠶᠢᠨ ᠠᠵᠢᠯ ᠦᠢᠯᠡᠰ ᠵᠡᠷᠭᠡ ᠪᠦᠬᠦ ᠬᠤᠲᠠ ᠶᠢᠨ ᠦᠨᠳᠦᠰᠦᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠡᠮᠬᠢᠳᠭᠡᠵᠦ ᠬᠠᠩᠭᠠᠨ᠎ᠠ᠃     ︵ᠲᠠᠪᠤ︶ ᠪᠦᠬᠦ ᠬᠤᠲᠠ ᠶᠢᠨ ᠡᠨᠧᠷᠭᠢ᠂ ᠪᠡᠯᠡ ᠣᠷᠣᠭᠤᠯᠤᠯᠳᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠦᠮᠦᠨ ᠠᠮᠠ᠂ ᠬᠦᠳᠡᠯᠮᠤᠷᠢ ᠬᠦᠴᠦᠨ᠂ ᠨᠡᠶᠢᠭᠡᠮ ᠤᠨ ᠬᠦᠭᠵᠢᠯᠳᠡ ᠶᠢᠨ ᠦᠨᠳᠦᠰᠦᠨ ᠪᠠᠶᠢᠳᠠᠯ᠂ ᠣᠷᠴᠢᠨ ᠲᠤᠭᠤᠷᠢᠨ ᠤ ᠦᠨᠳᠦᠰᠦᠨ ᠪᠠᠶᠢᠳᠠᠯ ᠢ ᠪᠦᠷᠢᠳᠭᠡᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠬᠤᠯᠪᠤᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠴᠤᠭᠴᠠᠯᠠᠭᠤᠯᠵᠤ᠂ ᠬᠤᠷᠢᠶᠠᠩᠭᠤᠶᠢᠯᠠᠨ ᠡᠮᠬᠢᠳᠭᠡᠵᠦ ᠬᠠᠩᠭᠠᠨ᠎ᠠ᠃ ᠡᠭᠢ ᠪᠠᠶᠠᠯᠢᠭ᠂ ᠭᠡᠷ ᠪᠠᠶᠢᠰᠢᠩ ᠭᠠᠵᠠᠷ ᠬᠦᠷᠦᠩᠭᠡ᠂ ᠭᠠᠳᠠᠭᠠᠲᠤ ᠠᠷᠠᠯᠵᠢᠶ᠎ᠠ᠂ ᠭᠠᠳᠠᠭᠰᠢ ᠠᠵᠤ ᠠᠬᠤᠢ ᠵᠡᠷᠭᠡ ᠪᠦᠬᠦ ᠬᠤᠲᠠ ᠶᠢᠨ ᠦᠨᠳᠦᠰᠦᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠡᠮᠬᠢᠳᠭᠡᠵᠦ ᠬᠠᠩᠭᠠᠨ᠎ᠠ᠃     ︵ᠵᠢᠷᠭᠤᠭ᠎ᠠ︶ ᠡᠯ᠎ᠡ ᠬᠤᠰᠢᠭᠤ ᠲᠤᠭᠤᠷᠢᠭ ᠡᠯ᠎ᠡ ᠰᠠᠯᠠᠭ᠎ᠠ ᠮᠦᠴᠢᠷ ᠡᠯ᠎ᠡ ᠪᠠᠶᠢᠭᠤᠯᠭ᠎ᠠ ᠨᠢᠭᠡᠴᠡ ᠶᠢᠨ ᠠᠵᠤ ᠠᠬᠤᠢ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ᠂ ᠡᠬᠢ ᠪᠠᠶᠠᠯᠢᠭ ᠣᠷᠴᠢᠨ ᠲᠤᠭᠤᠷᠢᠨ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠥᠷᠢᠳᠭᠡᠨ ᠪᠠᠶᠢᠴᠠᠭᠠᠯᠳᠠ ᠶᠢ ᠵᠤᠬᠢᠶᠠᠨ ᠪᠠᠶᠢᠭᠤᠯᠵᠤ᠂ ᠪᠦᠬᠦ ᠬᠤᠲᠠ ᠶᠢᠨ ᠦᠨᠳᠦᠰᠦᠨ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠨᠢᠭᠡᠳᠣᠯᠳᠡᠢ ᠬᠢᠨᠠᠨ ᠲᠤᠭᠳᠠᠭᠠᠵᠤ᠂ ᠬᠠᠮᠢᠶᠠᠷᠤᠨ ᠨᠡᠶᠢᠲᠡᠯᠡᠵᠦ᠂ ᠣᠯᠣᠰ ᠠᠷᠠᠳ ᠤᠨ ᠠᠵᠤ ᠠᠬᠤᠢ ᠪᠠ ᠨᠡᠶᠢᠭᠡᠮ ᠤᠨ ᠭᠦᠭᠵᠢᠯᠳᠡ ᠶᠢᠨ ᠪᠠᠶᠢᠳᠠᠯ ᠤᠨ ᠲᠤᠭ᠎ᠠ ᠪᠦᠷᠢᠳᠭᠡᠯ ᠤᠨ ᠮᠡᠳᠡᠭᠡ ᠵᠠᠩᠭᠢ ᠶᠢ ᠲᠤᠭᠳᠠᠭᠰᠡᠨ ᠬᠤᠭᠤᠴᠠᠭᠠᠨ ᠳᠤ ᠨᠡᠶᠢᠳᠡᠯᠡᠨ᠎ᠡ ᠃     ︵ᠲᠤᠯᠤᠭ᠎ᠠ︶ ᠪᠦᠬᠦ ᠬᠤᠲᠠ ᠶᠢᠨ ᠣᠯᠣᠰ ᠠᠷᠠᠳ ᠤᠨ ᠠᠵᠤ ᠠᠬᠤᠢ᠂ ᠨᠡᠶᠢᠭᠡᠮ ᠤᠨ ᠬᠦᠭᠵᠢᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠳᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠢ ᠪᠥᠷᠢᠳᠭᠡᠨ ᠵᠠᠳᠠᠯᠵᠤ᠂ ᠪᠥᠷᠢᠳᠭᠡᠨ ᠪᠠᠶᠢᠴᠠᠭᠠᠬᠤ ᠪᠠ ᠪᠥᠷᠢᠳᠭᠡᠨ ᠬᠢᠨᠠᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤ ᠪᠦᠬᠦ ᠬᠤᠲᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠣᠨ ᠤ ᠦᠨᠡᠯᠡᠯᠳᠡ ᠶᠢᠨ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠡ ᠵᠠᠩᠬᠢ ᠪᠠ ᠠᠰᠠᠭᠤᠨ ᠯᠠᠪᠯᠠᠬᠤ ᠰᠠᠨᠠᠭᠤᠯᠭ᠎ᠠ ᠶᠢ ᠬᠠᠩᠭᠠᠨ᠎ᠠ᠃     ︵ᠨᠠᠢᠮᠠ︶ ᠪᠦᠬᠦ ᠬᠤᠲᠠ ᠶᠢᠨ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠤᠨ ᠪᠠᠶᠢᠴᠠᠭᠠᠯᠳᠠ ᠶᠢᠨ ᠳᠦᠷᠦᠯ ᠵᠦᠢᠯ᠂ ᠡᠯ᠎ᠡ ᠬᠤᠰᠢᠭᠤ ᠲᠤᠭᠤᠷᠢᠭ ᠎ ᠤᠨ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠲᠦᠷᠦᠯ ᠵᠦᠢᠯ ᠢ ᠬᠠᠤᠯᠢ ᠶᠤᠰᠣᠭᠠᠷ ᠬᠢᠨᠠᠨ ᠵᠦᠪᠰᠢᠶᠡᠷᠡᠬᠦ ᠪᠤᠶᠤ ᠳᠠᠩᠰᠠᠯᠠᠭᠤᠯᠵᠤ᠂ ᠲᠤᠰᠬᠠᠢ ᠮᠡᠷᠭᠡᠵᠢᠯ ᠤᠨ ᠲᠤᠭ᠎ᠠ ᠪᠦᠷᠢᠳᠭᠡᠯ ᠤᠨ ᠰᠠᠭᠤᠷᠢ ᠠᠵᠢᠯ᠂ ᠲᠤᠭ᠎ᠠ ᠪᠥᠷᠢᠳᠭᠡᠯ ᠤᠨ ᠦᠨᠳᠦᠰᠦᠨ ᠱᠠᠳᠣᠨ ᠤ ᠲᠤᠬᠠᠶᠢᠯᠠᠭᠰᠡᠨ ᠠᠵᠢᠯ ᠤᠨ ᠰᠠᠭᠤᠷᠢ ᠪᠦᠲᠦᠭᠡᠨ ᠪᠠᠶᠢᠭᠤᠯᠤᠯᠳᠠ ᠶᠢ ᠵᠢᠯᠤᠭᠤᠳᠴᠣ᠂ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠶᠠᠰᠣ ᠴᠢᠨᠠᠷ ᠢ ᠬᠢᠨᠠᠨ ᠬᠠᠷᠭᠤᠭᠤᠯᠬᠤ᠂  ᠬᠢᠨᠠᠨ ᠡᠵᠡᠮᠰᠢᠬᠦ ᠪᠠ ᠦᠨᠡᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠰᠢᠬᠦ ᠪᠠ ᠦᠨᠡᠯᠡᠬᠦ ᠠᠵᠢᠯ ᠢ  ᠦᠷᠨᠢᠭᠦᠯᠵᠤ᠂ ᠭᠠᠳᠠᠭᠠᠳᠣ ᠳᠤ ᠬᠤᠯᠪᠤᠭᠳᠠᠬᠤ ᠪᠠᠶᠢᠴᠠᠭᠠᠯᠳᠠ ᠶᠢᠨ ᠠᠵᠢᠯᠯᠠᠭ᠎ᠠ ᠳᠤ ᠬᠠᠤᠯᠢ ᠶᠤᠰᠣᠭᠠᠷ ᠬᠢᠨᠠᠯᠳᠠ ᠳᠠᠯᠪᠢᠨ᠎ᠠ᠃     ︵ᠶᠢᠰᠣ︶ ᠡᠯ᠎ᠡ ᠬᠤᠰᠢᠭᠤ ᠲᠤᠭᠤᠷᠢᠭ ᠤᠨ ᠲᠤᠭ᠎ᠠ ᠪᠦᠷᠢᠳᠭᠡᠯ ᠤᠨ ᠲᠣᠪᠴᠢᠶ᠎ᠠ ᠶᠢ ᠬᠠᠮᠢᠶᠠᠷᠬᠤ ᠭᠤᠤᠯ ᠬᠠᠷᠢᠭᠤᠴᠠᠯᠭᠠᠲᠠᠨ ᠢ ᠬᠠᠪᠰᠤᠷᠴᠤ᠂ ᠪᠦᠬᠦ ᠬᠤᠲᠠ ᠶᠢᠨ ᠲᠤᠭ᠎ᠠ ᠪᠦᠷᠢᠳᠭᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠺᠠᠳ᠋ᠷᠴᠣᠳ ᠤᠨ ᠪᠤᠯᠪᠠᠰᠣᠷᠠᠯ᠂ ᠲᠤᠭ᠎ᠠ ᠪᠦᠷᠢᠳᠭᠡᠯ ᠤᠨ ᠲᠤᠰᠬᠠᠢ ᠮᠡᠷᠭᠡᠵᠢᠯ ᠤᠨ ᠡᠩᠨᠡᠭᠡ ᠶᠢᠨ ᠪᠠᠶᠢᠭᠤᠯᠤᠯᠳᠠ ᠵᠡᠷᠭᠡ ᠠᠵᠢᠯ ᠢ ᠵᠢᠯᠤᠭᠤᠳᠣᠨ᠎ᠠ᠃ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠤᠨ ᠲᠦᠪ ᠤᠨ ᠡᠳ᠋ ᠤᠨ ᠵᠠᠰᠠᠭ ᠤᠨ ᠲᠤᠭ᠎ᠠ ᠪᠦᠷᠢᠳᠭᠡᠯ ᠤᠨ ᠦᠢᠯᠡᠰ ᠤᠨ ᠵᠠᠷᠣᠳᠠᠯ ᠢ ᠲᠣᠭᠲᠠᠭᠠᠯ ᠶᠤᠰᠣᠭᠠᠷ ᠬᠠᠮᠢᠶᠠᠷᠤᠨ᠎ᠠ᠃     ︵ᠠᠷᠪᠠ︶ ᠪᠦᠬᠦ ᠬᠤᠲᠠ ᠶᠢᠨ ᠲᠤᠭ᠎ᠠ ᠪᠦᠷᠢᠳᠭᠡᠯ ᠤᠨ ᠮᠡᠳᠡᠭᠡ ᠵᠠᠩᠬᠢᠴᠢᠯᠠᠯᠳᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠳᠠ ᠶᠢᠨ ᠲᠥᠯᠥᠪᠵᠢᠭᠦᠯᠭᠡ ᠶᠢ ᠲᠤᠭᠤᠷᠪᠢᠨ ᠲᠤᠭᠳᠠᠭᠠᠵᠤ᠂ ᠪᠦᠬᠦ ᠬᠤᠲᠠ ᠶᠢᠨ ᠲᠤᠭ᠎ᠠ ᠪᠦᠷᠢᠳᠭᠡᠯ ᠤᠨ ᠮᠡᠳᠡᠭᠡ ᠵᠠᠩᠬᠢᠴᠢᠯᠠᠯᠳᠠ ᠶᠢᠨ ᠰᠢᠰᠲ᠋ᠧᠮ᠂  ᠲᠤᠭ᠎ᠠ ᠪᠦᠷᠢᠳᠭᠡᠯ ᠎ ᠤᠨ ᠲᠤᠭ᠎ᠠ ᠪᠠᠷᠢᠮᠲᠠ ᠶᠢᠨ ᠬᠦᠮᠦᠷᠭᠡ ᠶᠢᠨ ᠰᠢᠰᠲ᠋ᠧᠮ᠂ ᠪᠦᠬᠦ ᠬᠤᠲᠠ ᠶᠢᠨ ᠬᠤᠷᠸ᠎ᠠ ᠲᠤᠬᠢᠷᠠᠭᠤᠯᠭ᠎ᠠ ᠶᠢᠨ ᠠᠵᠤ ᠠᠬᠤᠢ ᠪᠠ ᠨᠡᠶᠢᠭᠡᠮ ᠤᠨ ᠬᠦᠭᠵᠢᠯᠳᠡ ᠶᠢᠨ ᠰᠠᠭᠤᠷᠢ ᠲᠤᠭ᠎ᠠ ᠪᠠᠷᠢᠮᠲᠠ ᠶᠢᠨ ᠬᠦᠮᠦᠷᠭᠡ ᠶᠢ ᠪᠠᠶᠢᠭᠤᠯᠤᠨ ᠬᠠᠮᠢᠶᠠᠷᠴᠤ ᠬᠠᠮᠠᠭᠠᠯᠠᠨ᠎ᠠ᠃ ᠡᠯ᠎ᠡ ᠬᠤᠰᠢᠭᠤ ᠲᠤᠭᠤᠷᠢᠭ ᠤᠨ ᠲᠤᠭ᠎ᠠ ᠪᠦᠷᠢᠳᠭᠡᠯ ᠤᠨ ᠮᠡᠳᠡᠭᠡ ᠵᠠᠩᠬᠢᠴᠢᠯᠠᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠵᠢᠯᠤᠭᠤᠳᠣᠨ᠎ᠠ᠃     ︵ᠠᠷᠪᠠᠨ ᠨᠢᠭᠡ︶ ᠬᠤᠲᠠ ᠶᠢᠨ ᠲᠤᠰ ᠱᠠᠳᠣᠨ ᠤ ᠲᠤᠭ᠎ᠠ ᠪᠥᠷᠢᠳᠭᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠬᠤᠰᠢᠭᠤ ᠲᠤᠭᠤᠷᠢᠭ ᠤᠨ ᠲᠤᠭ᠎ᠠ ᠪᠦᠷᠢᠳᠭᠡᠯ ᠤᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠠᠵᠢᠯ ᠢ ᠵᠢᠯᠣᠭᠤᠳᠣᠨ ᠬᠢᠨᠠᠨ ᠬᠠᠮᠢᠶᠠᠷᠤᠨ᠎ᠠ᠃     ︵ᠠᠷᠪᠠᠨ ᠬᠤᠶᠠᠷ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠡᠨ ᠪᠤᠰᠣᠳ ᠡᠭᠦᠷᠭᠡ ᠶᠢ ᠪᠡᠶᠡᠯᠡᠭᠦᠯᠦᠨ᠎ᠡ᠃     ᠳᠦᠷᠪᠡᠳᠣᠭᠡᠷ ᠵᠦᠢᠯ  ᠣᠷᠳᠣᠰ ᠬᠤᠲᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ ᠳᠣᠣᠷᠠᠬᠢ ᠮᠡᠳᠣ ᠳᠣᠳᠣᠭᠠᠳᠣ ᠪᠠᠶᠢᠭᠤᠯᠤᠮᠵᠢ ᠶᠢ ᠪᠠᠶᠢᠭᠤᠯᠪᠠ᠄      ︵ᠨᠢᠭᠡ︶ ᠠᠯᠪᠠᠨ ᠭᠡᠷ     ᠪᠠᠶᠢᠭᠤᠯᠭ᠎ᠠ ᠶᠢᠨ ᠡᠳᠣᠷ ᠳᠣᠳᠣᠮ ᠤᠨ ᠠᠵᠢᠯ ᠢ ᠬᠠᠷᠢᠭᠤᠴᠠᠵᠤ᠂  ᠵᠠᠰᠠᠭ ᠤᠨ ᠶᠠᠪᠣᠳᠠᠯ ᠤᠨ ᠮᠡᠳᠡᠭᠡ ᠵᠠᠩᠬᠢ᠂ ᠵᠠᠰᠠᠭ ᠤᠨ ᠶᠠᠪᠣᠳᠠᠯ ᠢ ᠢᠯᠡ ᠪᠤᠯᠭᠠᠬᠤ᠂ ᠨᠢᠭᠤᠴᠠ ᠶᠢ ᠬᠠᠮᠠᠭᠠᠯᠠᠬᠤ᠂ ᠬᠤᠷᠠᠯ ᠤᠨ ᠶᠠᠪᠤᠳᠠᠯ ᠢ ᠵᠣᠬᠢᠶᠠᠨ ᠪᠠᠶᠢᠭᠤᠯᠬᠤ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯ ᠤᠨ ᠳᠥᠷᠢᠮ ᠢ ᠲᠣᠭᠲᠠᠭᠠᠨ᠎ᠠ᠃ ᠴᠢᠬᠤᠯᠠ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ᠂ ᠱᠠᠭᠠᠷᠳᠠᠨ ᠪᠠᠶᠢᠴᠠᠭᠠᠵᠤ ᠱᠠᠯᠠᠪᠳᠠᠭᠤᠯᠤᠨ ᠭᠦᠢᠴᠡᠳᠭᠡᠬᠦ ᠶᠢ ᠬᠠᠷᠢᠭᠤᠴᠠᠨ᠎ᠠ᠃ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠣᠯᠳᠠ ᠶᠢᠨ ᠳᠦᠷᠢᠮ ᠲᠤᠭᠳᠠᠭᠠᠯ ᠪᠠ ᠬᠦᠮᠦᠵᠢᠯ ᠪᠤᠯᠪᠠᠰᠣᠷᠠᠯ ᠤᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ ᠱᠠᠯᠠᠪᠳᠠᠭᠤᠯᠤᠨ ᠬᠡᠷᠡᠭᠵᠢᠭᠦᠯᠦᠨ᠎ᠡ᠃  ᠪᠠᠶᠢᠭᠤᠯᠭ᠎ᠠ ᠵᠢᠴᠢ ᠬᠠᠷᠢᠶ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ᠂ ᠵᠣᠬᠢᠶᠠᠨ ᠪᠠᠶᠢᠭᠤᠯᠤᠯᠲᠠ ᠠᠵᠢᠯᠲᠠᠨ ᠤ ᠶᠠᠪᠤᠳᠠᠯ ᠤᠨ ᠬᠠᠮᠢᠶᠠᠷᠤᠯᠳᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠬᠦᠮᠦᠨ ᠤ ᠬᠦᠴᠦᠨ ᠤ ᠨᠡᠶᠢᠭᠡᠮ ᠶᠢᠨ ᠪᠠᠲᠤᠯᠠᠭ᠎ᠠ ᠶᠢᠨ ᠰᠠᠯᠠᠭ᠎ᠠ ᠮᠦᠴᠢᠷ ᠲᠠᠢ ᠬᠠᠮᠵᠢᠯᠴᠠᠵᠤ ᠪᠦᠬᠦ ᠬᠤᠲᠠ ᠶᠢᠨ ᠲᠤᠭ᠎ᠠ ᠪᠦᠷᠢᠳᠭᠡᠯ ᠤᠨ ᠰᠢᠷᠢᠰ ᠳᠡᠭᠡᠳᠣ ᠳᠡᠰ ᠤᠨ ᠮᠡᠷᠭᠡᠵᠢᠯ ᠤᠨ ᠴᠣᠯᠠ ᠶᠢᠨ ᠬᠢᠷᠢ ᠭᠡᠮ ᠢ ᠬᠢᠨᠠᠨ ᠲᠣᠭᠲᠠᠭᠠᠯᠭᠠᠬᠤ ᠠᠵᠢᠯ ᠢ ᠥᠷᠨᠢᠭᠦᠯᠦᠨ᠎ᠡ ᠃ ᠬᠤᠰᠢᠭᠤ ᠲᠤᠭᠤᠷᠢᠭ ᠤᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠭᠤᠤᠯ ᠬᠠᠷᠢᠭᠤᠴᠠᠯᠭᠠᠳᠠᠳ ᠤᠨ ᠬᠠᠮᠢᠶ᠎ᠠ ᠪᠦᠬᠦᠢ ᠠᠵᠢᠯ ᠢ ᠬᠠᠪᠰᠣᠷᠴᠣ ᠳᠠᠭᠠᠭᠠᠴᠢᠯᠠᠨ ᠭᠦᠢᠴᠡᠳᠭᠡᠨ᠎ᠡ᠃ ᠪᠦᠬᠦ ᠬᠤᠲᠠ ᠶᠢᠨ ᠲᠤᠭ᠎ᠠ ᠪᠦᠷᠢᠳᠭᠡᠯ ᠤᠨ ᠰᠠᠯᠠᠭ᠎ᠠ ᠮᠦᠴᠢᠷ ᠤᠨ ᠲᠦᠪ ᠤᠨ ᠡᠳ᠋ ᠤᠨ ᠵᠠᠰᠠᠭ ᠤᠨ ᠲᠤᠭ᠎ᠠ ᠪᠦᠷᠢᠳᠭᠡᠯ ᠤᠨ ᠦᠢᠯᠡᠰ ᠤᠨ ᠵᠠᠷᠤᠳᠠᠯ ᠪᠠ ᠠᠯᠪᠠᠨ ᠪᠠᠶᠢᠭᠤᠯᠤᠭ᠎ᠠ ᠶᠢᠨ ᠲᠤᠰ ᠱᠠᠳᠣᠨ ᠤ ᠵᠠᠷᠤᠳᠠᠯ ᠢ ᠬᠠᠮᠢᠶᠠᠷᠤᠨ᠎ᠠ᠃ ᠠᠯᠪᠠᠨ ᠪᠠᠶᠢᠭᠤᠯᠭ᠎ᠠ ᠵᠠᠰᠠᠭ ᠤᠨ ᠣᠷᠳᠣᠨ ᠤ ᠬᠤᠳᠠᠯᠳᠣᠨ ᠠᠪᠬᠤ ᠪᠠ ᠣᠯᠣᠰ ᠤᠨ  ᠦᠮᠴᠢᠯᠡᠯᠳᠣ ᠡᠳ᠋ ᠬᠦᠷᠦᠩᠭᠡ ᠶᠢᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠠᠯᠪᠠᠨ ᠪᠠᠶᠢᠭᠤᠯᠭ᠎ᠠ ᠶᠢᠨ ᠨᠢᠭᠳᠠᠯᠠᠨ ᠪᠣᠳᠣᠬᠤ ᠲᠤᠭᠠᠴᠠᠭ᠎ᠠ ᠪᠠ ᠪᠦᠬᠦ ᠬᠤᠲᠠ ᠶᠢᠨ ᠲᠤᠭ᠎ᠠ ᠪᠦᠷᠢᠳᠭᠡᠯ ᠤᠨ ᠰᠢᠰᠲ᠋ᠧᠮ ᠤᠨ ᠡᠳ᠋ ᠤᠨ ᠶᠠᠪᠤᠳᠠᠯ ᠤᠨ ᠳᠣᠳᠣᠭᠠᠳᠣ ᠶᠢᠨ ᠬᠢᠨᠠᠨ ᠪᠣᠳᠣᠵᠤ ᠬᠢᠨᠠᠯᠳᠠ ᠳᠠᠯᠪᠢᠬᠤ ᠠᠵᠢᠯ ᠢ ᠬᠠᠷᠢᠭᠤᠴᠠᠨ᠎ᠠ᠃ ᠠᠯᠪᠠᠨ ᠪᠠᠶᠢᠭᠤᠯᠭ᠎ᠠ ᠪᠠ ᠪᠠᠶᠢᠭ᠎ᠠ ᠪᠠᠶᠢᠭᠤᠯᠭ᠎ᠠ ᠨᠢᠭᠡᠴᠠ ᠶᠢᠨ ᠠᠵᠢᠯ ᠠᠴᠠ ᠪᠠᠨ ᠠᠮᠠᠷᠠᠭᠰᠡᠨ ᠠᠵᠢᠯᠳᠠᠳ ᠤᠨ ᠠᠵᠢᠯ ᠢ ᠬᠠᠷᠢᠭᠤᠴᠠᠨ᠎ᠠ᠃     ︵ᠬᠤᠶᠠᠷ︶ ᠲᠤᠭ᠎ᠠ ᠪᠦᠷᠢᠳᠭᠡᠯ ᠤᠨ ᠵᠢᠷᠤᠭᠯᠠᠨ ᠲᠥᠯᠥᠪᠯᠡᠵᠦ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠳᠤ ᠬᠢᠨᠠᠯᠳᠠ ᠳᠠᠯᠪᠢᠬᠤ ᠰᠠᠯᠠᠭ᠎ᠠ     ᠣᠯᠣᠰ ᠤᠨ ᠲᠤᠭ᠎ᠠ ᠪᠦᠷᠢᠳᠭᠡᠯ ᠤᠨ ᠳᠦᠷᠢᠮ᠂ ᠲᠤᠭ᠎ᠠ ᠪᠦᠷᠢᠳᠭᠡᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠂ ᠰᠠᠯᠠᠭ᠎ᠠ ᠮᠦᠴᠢᠷ ᠤᠨ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠳᠦᠷᠢᠮ᠂ ᠪᠠᠶᠢᠴᠠᠭᠠᠯᠲᠠ ᠶᠢᠨ ᠳᠦᠰᠦᠯ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠲᠤᠭ᠎ᠠ ᠪᠦᠷᠢᠳᠭᠡᠯ ᠤᠨ ᠦᠨᠳᠦᠰᠦᠨ ᠱᠠᠳᠣᠨ ᠤ ᠲᠤᠬᠠᠶᠢᠯᠠᠭᠰᠡᠨ ᠠᠵᠢᠯ ᠤᠨ ᠰᠠᠭᠤᠷᠢ ᠪᠦᠲᠦᠭᠡᠨ ᠪᠠᠶᠢᠭᠤᠯᠤᠯᠳᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ ᠃ ᠲᠤᠭ᠎ᠠ ᠪᠦᠷᠢᠳᠭᠡᠯ ᠤᠨ ᠪᠠᠶᠢᠴᠠᠭᠠᠯᠲᠠ ᠶᠢᠨ ᠲᠦᠷᠦᠯ ᠵᠦᠢᠯ ᠤᠨ ᠬᠠᠮᠢᠶᠠᠷᠤᠯᠳᠠ ᠶᠢᠨ ᠲᠤᠭ᠎ᠠ ᠪᠠᠷᠢᠮᠲᠠ ᠶᠢᠨ ᠬᠦᠮᠦᠷᠭᠡ ᠶᠢ ᠪᠠᠶᠢᠭᠤᠯᠤᠨ ᠬᠠᠮᠢᠶᠠᠷᠬᠤ ᠪᠠ ᠬᠠᠮᠠᠭᠠᠯᠠᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠲᠤᠭ᠎ᠠ ᠪᠦᠷᠢᠳᠭᠡᠯ ᠤᠨ ᠠᠵᠢᠯ ᠢ ᠬᠢᠨᠠᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠦᠷᠨᠢᠭᠦᠯᠵᠤ᠂ ᠲᠤᠭ᠎ᠠ ᠪᠦᠷᠢᠳᠭᠡᠯ ᠤᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠭᠦᠢᠴᠡᠳᠭᠡᠬᠦ ᠪᠠ ᠲᠤᠭ᠎ᠠ ᠪᠦᠷᠢᠳᠭᠡᠯ ᠤᠨ ᠬᠠᠣᠯᠢ ᠠᠴᠠ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠪᠤᠷᠢᠯᠡᠵᠤ᠂ ᠲᠤᠭ᠎ᠠ ᠪᠦᠷᠢᠳᠭᠡᠯ ᠤᠨ ᠬᠤᠳᠠᠯ ᠬᠠᠭᠤᠷᠮᠠᠭ ᠬᠡᠷᠡᠭ ᠢ ᠬᠤᠯᠪᠤᠭᠠᠯᠠᠨ ᠵᠠᠯᠬᠠᠭᠠᠨ ᠰᠢᠢᠳᠭᠡᠭᠦ ᠲᠣᠭᠲᠠᠴᠠ ᠶᠢ ᠪᠠᠶᠢᠭᠤᠯᠵᠤ᠂ ᠲᠤᠭ᠎ᠠ ᠪᠦᠷᠢᠳᠭᠡᠯ ᠤᠨ ᠢᠲᠡᠭᠡᠮᠵᠢ ᠶᠢᠨ ᠳᠦᠷᠢᠮ ᠢ ᠳᠡᠭᠦᠯᠳᠡᠷᠵᠢᠭᠦᠯᠦᠨ᠎ᠡ᠃ ᠲᠤᠭ᠎ᠠ ᠪᠦᠷᠢᠳᠭᠡᠯ ᠤᠨ ᠬᠠᠣᠯᠢ ᠬᠡᠷᠡᠭᠵᠢᠭᠦᠯᠬᠦ ︽ᠬᠤᠶᠠᠷ ᠢ ᠳᠠᠰᠢᠷᠠᠮ ᠳᠤ ᠨᠢ︾ ᠰᠤᠭᠤᠴᠢᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠭᠡᠯ ᠤᠨ ᠬᠠᠣᠯᠢ ᠳᠦᠷᠢᠮ ᠤᠨ ᠤᠬᠠᠭᠤᠯᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠠᠯᠪᠠᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠬᠡᠷᠡᠴᠢᠯᠡᠯᠳᠡ ᠰᠣᠨᠣᠰᠬᠤ ᠵᠡᠷᠭᠡ ᠬᠠᠣᠯᠢ ᠴᠠᠭᠠᠵᠠ ᠶᠢᠨ ᠬᠡᠷᠡᠭ ᠶᠠᠪᠤᠳᠠᠯ ᠢ ᠡᠭᠦᠷᠭᠡᠯᠡᠵᠤ᠂ ᠠᠯᠪᠠᠨ ᠪᠠᠶᠢᠭᠤᠯᠭ᠎ᠠ ᠶᠢᠨ ᠴᠢᠬᠤᠯᠠ ᠵᠦᠢᠯ ᠤᠳ ᠪᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠬᠠᠣᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃      ︵ᠭᠤᠷᠪᠠ ︶ ᠣᠯᠣᠰ ᠠᠷᠠᠳ ᠤᠨ ᠠᠵᠤ ᠠᠬᠤᠢ ᠶᠢᠨ ᠶᠡᠷᠤᠩᠭᠡᠶᠢᠯᠡᠭᠰᠡᠨ ᠲᠤᠭ᠎ᠠ ᠪᠦᠷᠢᠳᠭᠡᠯ ᠤᠨ ᠰᠠᠯᠠᠭ᠎ᠠ     ᠣᠯᠣᠰ ᠠᠷᠠᠳ ᠤᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠢ ᠪᠥᠷᠢᠳᠭᠡᠨ ᠪᠠᠶᠢᠴᠠᠭᠠᠬᠤ᠂ ᠪᠥᠷᠢᠳᠭᠡᠨ ᠳᠦᠰᠦᠭᠡᠯᠡᠬᠦ ᠪᠠ  ᠶᠡᠷᠤᠩᠭᠡᠶᠢᠯᠡᠨ ᠵᠠᠳᠠᠯᠤᠨ ᠰᠣᠳᠣᠯᠬᠤ ᠶᠢ ᠬᠠᠷᠢᠭᠤᠴᠠᠵᠤ ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠯᠠᠪᠯᠠᠯᠭ᠎ᠠ ᠰᠠᠨᠠᠭᠤᠯᠭ᠎ᠠ ᠶᠢ ᠳᠣᠷᠠᠳᠣᠨ᠎ᠠ᠃ ᠡᠯ᠎ᠡ ᠲᠤᠰᠬᠠᠢ ᠮᠡᠷᠭᠡᠵᠢᠯ ᠤᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠳᠤ ᠶᠠᠰᠣ ᠴᠢᠨᠠᠷ ᠤᠨ ᠦᠨᠡᠯᠡᠯᠳᠡ ᠬᠢᠬᠦ ᠶᠢ ᠬᠠᠷᠢᠭᠤᠴᠠᠨ᠎ᠠ᠃ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠨᠡᠶᠢᠳᠡᠯᠡᠬᠦ ᠵᠢᠴᠢ ᠳᠣᠳᠣᠭᠠᠳᠣ ᠰᠦᠯᠵᠢᠶ᠎ᠡ᠂ ᠭᠠᠳᠠᠭᠠᠳᠣ ᠰᠦᠯᠵᠢᠶ᠎ᠡ ᠶᠢᠨ ᠲᠤᠭ᠎ᠠ ᠪᠦᠷᠢᠳᠭᠡᠯ ᠤᠨ ᠮᠡᠳᠡᠭᠡ ᠵᠠᠩᠬᠢ ᠶᠢ ᠬᠢᠨᠠᠨ ᠬᠠᠷᠭᠤᠭᠤᠯᠬᠤ᠂ ᠨᠡᠶᠢᠳᠡᠯᠡᠬᠦ ᠶᠢ ᠬᠠᠷᠢᠭᠤᠴᠠᠵᠤ᠂ ᠠᠵᠤ ᠠᠬᠤᠢ ᠶᠢᠨ ᠬᠡᠯᠪᠡᠷᠢ ᠶᠢᠨ ᠰᠣᠨᠢᠨ ᠮᠡᠳᠡᠭᠡ ᠨᠡᠶᠢᠳᠡᠯᠡᠬᠦ ᠬᠤᠷᠠᠯ ᠢ ᠵᠤᠬᠢᠶᠠᠨ ᠪᠠᠶᠢᠭᠤᠯᠬᠤ ᠪᠠ ᠬᠠᠪᠰᠣᠷᠣᠨ ᠡᠷᠬᠢᠯᠡᠬᠦ ᠶᠢ ᠬᠠᠷᠢᠭᠤᠴᠠᠨ᠎ᠠ᠃ ᠬᠤᠲᠠ ᠶᠢᠨ ᠨᠠᠮ ᠎ ᠤᠨ ᠬᠤᠷᠢᠶ᠎ᠠ᠂ ᠵᠠᠰᠠᠭ ᠤᠨ ᠣᠷᠳᠣᠨ ᠤ ᠰᠢᠯᠭᠠᠨ ᠬᠢᠨᠠᠯᠳᠠ ᠳᠠᠬᠢ ᠠᠵᠤ ᠠᠬᠤᠢ ᠶᠢᠨ ᠬᠦᠢᠴᠡᠳᠭᠡᠯ ᠲᠤᠭ᠎ᠠ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃  ᠡᠯ᠎ᠡ ᠲᠦᠷᠦᠯ ᠤᠨ ᠲᠤᠭ᠎ᠠ ᠪᠦᠷᠢᠳᠭᠡᠯ ᠤᠨ ᠪᠦᠳᠦᠭᠡᠭᠳᠡᠭᠦᠨ ᠢ ᠨᠡᠭᠡᠭᠡᠨ ᠠᠰᠢᠭᠯᠠᠬᠤ᠂ ᠲᠤᠭ᠎ᠠ ᠪᠦᠷᠢᠳᠭᠡᠯ ᠤᠨ ᠭᠠᠳᠠᠭᠰᠢ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠬᠢᠨᠠᠨ ᠪᠠᠶᠢᠴᠠᠭᠠᠬᠤ᠂ ᠰᠢᠢᠳᠪᠤᠷᠢᠯᠡᠬᠦ ᠠᠵᠢᠯ ᠢ ᠬᠠᠷᠢᠭᠤᠴᠠᠨ᠎ᠠ᠃     ︵ᠳᠦᠷᠪᠡ︶ ᠣᠯᠣᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠶᠢᠨ ᠰᠠᠯᠠᠭ᠎ᠠ     ᠪᠦᠬᠦ ᠬᠤᠲᠠ ᠶᠢᠨ ᠭᠠᠵᠠᠷ ᠣᠷᠣᠨ ᠤ ᠦᠢᠯᠡᠳᠪᠤᠷᠢᠯᠡᠯ ᠤᠨ ᠶᠡᠷᠤᠩᠭᠡᠢ ᠦᠷᠳᠡᠭ᠂ ᠣᠷᠣᠭᠤᠯᠤᠯᠳᠠ ᠭᠠᠷᠭᠠᠯᠳᠠ᠂ ᠪᠡᠯᠡ ᠮᠦᠩᠭᠦᠨ ᠤ ᠤᠷᠤᠰᠴᠠ ᠶᠢᠨ ᠬᠡᠮᠵᠢᠶ᠎ᠡ᠂ ᠡᠳ᠋ ᠬᠦᠷᠦᠩᠭᠡ ᠶᠢᠨ ᠦᠷᠢ ᠰᠢᠷᠢ ᠪᠠ ᠡᠬᠢ ᠪᠠᠶᠠᠯᠢᠭ ᠤᠷᠴᠢᠨ ᠲᠤᠭᠤᠷᠢᠨ ᠤ ᠲᠤᠭᠠᠴᠠᠭ᠎ᠠ ᠶᠢ ᠬᠠᠷᠢᠭᠤᠴᠠᠨ᠎ᠠ᠃ ᠪᠦᠬᠦ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠦᠷᠢ ᠰᠢᠷᠢ ᠶᠢᠨ ᠬᠦᠰᠦᠨᠦᠭ ᠢ ᠨᠠᠶᠢᠷᠠᠭᠤᠯᠤᠨ ᠵᠤᠬᠢᠶᠠᠨ᠎ᠠ᠃ ᠬᠤᠰᠢᠭᠤ ᠲᠤᠭᠤᠷᠢᠭ ᠤᠨ ᠣᠯᠣᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠣᠯᠣᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠶᠢᠨ ᠮᠠᠲ᠋ᠧᠷᠢᠶᠠᠯ ᠢ ᠵᠠᠳᠠᠯᠤᠨ ᠰᠣᠳᠣᠯᠬᠤ ᠶᠢ ᠦᠷᠨᠢᠭᠦᠯᠦᠨ᠎ᠡ᠃ ︽ᠭᠤᠷᠪᠠᠨ ᠰᠢᠨ᠎ᠡ︾ ᠠᠵᠤ ᠠᠬᠤᠢ ᠪᠠ ᠡᠭᠦᠰᠦᠮᠡᠯ ᠠᠵᠤ ᠦᠢᠯᠡᠰ ᠤᠨ ᠨᠡᠮᠡᠭᠳᠡᠯ ᠦᠷᠳᠡᠭ ᠤᠨ ᠲᠤᠭᠠᠴᠠᠭ᠎ᠠ ᠶᠢ ᠦᠷᠨᠢᠭᠦᠯᠦᠨ᠎ᠡ᠃     ︵ᠳᠠᠪᠤ︶ ᠲᠤᠭᠳᠠᠮᠠᠯ ᠬᠦᠷᠦᠩᠭᠡ ᠶᠢᠨ  ᠪᠡᠯᠡ ᠣᠷᠣᠭᠤᠯᠤᠯᠳᠠ ᠢ ᠪᠥᠷᠢᠳᠭᠡᠬᠦ ᠰᠠᠯᠠᠭ᠎ᠠ     ᠪᠦᠬᠦ ᠬᠤᠲᠠ ᠶᠢᠨ ᠲᠤᠭᠳᠠᠮᠠᠯ ᠬᠦᠷᠦᠩᠭᠡ ᠶᠢᠨ ᠪᠡᠯᠡ ᠣᠷᠣᠭᠤᠯᠤᠯᠳᠠ᠂ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠢ ᠪᠥᠷᠢᠳᠭᠡᠨ ᠪᠠᠶᠢᠴᠠᠭᠠᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠪᠠᠶᠢᠴᠠᠭᠠᠯᠳᠠ ᠶᠢᠨ ᠲᠤᠭ᠎ᠠ ᠮᠠᠭᠠᠳ ᠢ ᠴᠤᠭᠯᠠᠭᠤᠯᠤᠨ ᠡᠮᠬᠢᠯᠡᠵᠦ ᠬᠠᠩᠭᠠᠨ᠎ᠠ᠃ ᠬᠠᠮᠢᠶ᠎ᠠ ᠪᠦᠬᠦᠢ ᠲᠤᠭ᠎ᠠ ᠮᠠᠭᠠᠳ ᠤᠨ ᠶᠠᠰᠤ ᠴᠢᠨᠠᠷ ᠢ ᠪᠠᠶᠢᠴᠠᠭᠠᠨ ᠦᠨᠡᠯᠡᠨ᠎ᠡ᠃ ᠬᠤᠯᠪᠤᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠥᠷᠢᠳᠭᠡᠯ ᠤᠨ ᠰᠠᠭᠤᠷᠢ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠣᠨ᠎ᠠ᠃     ︵  ᠵᠢᠷᠭᠤᠭ᠎ᠠ︶  ᠠᠵᠤ ᠦᠢᠯᠡᠳᠪᠤᠷᠢ ᠶᠢᠨ ᠲᠤᠭ᠎ᠠ ᠪᠦᠷᠢᠳᠭᠡᠯ ᠤᠨ ᠰᠠᠯᠠᠭ᠎ᠠ     ᠠᠵᠤ ᠦᠢᠯᠡᠳᠪᠤᠷᠢ ᠶᠢᠨ ᠦᠢᠯᠡᠳᠪᠤᠷᠢᠯᠡᠯ᠂ ᠡᠳ᠋ ᠤᠨ ᠶᠠᠪᠤᠳᠠᠯ᠂ ᠡᠵᠡᠩᠨᠡᠯᠲᠡ ᠶᠢᠨ ᠪᠠᠶᠢᠳᠠᠯ ᠢ ᠪᠥᠷᠢᠳᠭᠡᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠥᠷᠨᠢᠭᠦᠯᠵᠦ᠂ ᠬᠤᠯᠪᠤᠭᠳᠠᠯ ᠪᠦᠬᠦᠢ ᠪᠠᠶᠢᠴᠠᠭᠠᠯᠳᠠ ᠶᠢᠨ ᠲᠤᠭ᠎ᠠ ᠪᠥᠷᠢᠳᠭᠡᠯ ᠲᠤᠭ᠎ᠠ ᠪᠠᠷᠢᠮᠲᠠ ᠶᠢ ᠴᠤᠭᠯᠠᠭᠤᠯᠤᠨ ᠡᠮᠬᠢᠯᠡᠬᠦ ᠪᠠ ᠬᠠᠩᠭᠠᠬᠤ ᠶᠢ ᠬᠠᠷᠢᠭᠤᠴᠠᠨ᠎ᠠ᠃ ᠦᠢᠯᠡᠳᠪᠤᠷᠢᠯᠡᠯ ᠤᠨ ᠡᠷᠬᠢᠯᠳᠡ᠂ ᠠᠵᠤ ᠠᠬᠤᠢ ᠶᠢᠨ ᠦᠷ᠎ᠡ ᠠᠰᠢᠭ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠡᠷᠭᠡ ᠲᠤᠭ᠎ᠠ ᠮᠠᠭᠠᠳ ᠪᠥᠷᠢᠳᠭᠡᠬᠦ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠡᠮᠬᠢᠯᠡᠵᠦ ᠬᠠᠩᠭᠠᠨ᠎ᠠ᠃ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠰᠦᠯᠵᠢᠶ᠎ᠡ ᠬᠤᠯᠪᠣᠨ ᠰᠢᠭᠤᠳ ᠮᠡᠳᠡᠭᠦᠯᠬᠦ ᠠᠵᠢᠯ ᠢ ᠦᠷᠨᠢᠭᠦᠯᠬᠦ ᠶᠢ ᠬᠠᠷᠢᠭᠤᠴᠠᠨ᠎ᠠ᠃ ᠬᠤᠯᠪᠤᠭᠳᠠᠯ ᠪᠦᠬᠦᠢ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠨ ᠦᠨᠡᠯᠡᠨ᠎ᠡ᠃ ᠲᠤᠰᠬᠠᠢ ᠮᠡᠷᠭᠡᠵᠢᠯ ᠤᠨ ᠲᠤᠭ᠎ᠠ ᠪᠦᠷᠢᠳᠭᠡᠯ ᠤᠨ ᠰᠠᠭᠤᠷᠢ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠣᠨ᠎ᠠ᠃     ︵  ᠳᠣᠯᠤᠭ᠎ᠠ︶ ᠡᠨᠧᠷᠭᠢ ᠪᠠ ᠣᠷᠴᠢᠨ ᠲᠤᠭᠤᠷᠢᠨ ᠤ ᠲᠤᠭ᠎ᠠ ᠪᠦᠷᠢᠳᠭᠡᠯ ᠤᠨ ᠰᠠᠯᠠᠭ᠎ᠠ     ᠡᠨᠧᠷᠭᠢ ᠶᠢᠨ ᠲᠤᠭ᠎ᠠ ᠪᠦᠷᠢᠳᠭᠡᠯ ᠤᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠬᠤᠯᠪᠤᠭᠳᠠᠯ ᠪᠦᠭᠦᠢ ᠪᠠᠶᠢᠴᠠᠭᠠᠯᠲᠠ ᠶᠢᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠴᠤᠭᠯᠠᠭᠤᠯᠤᠨ ᠡᠮᠬᠢᠯᠡᠵᠦ ᠬᠠᠩᠭᠠᠬᠤ ᠶᠢ ᠬᠠᠷᠢᠭᠤᠴᠠᠨ᠎ᠠ᠃ ᠭᠤᠣᠯ ᠪᠣᠯᠬᠤ ᠡᠨᠧᠷᠭᠢ ᠶᠢᠨ ᠬᠤᠷᠣᠭᠳᠠᠯᠲᠤ ᠠᠵᠢᠯ ᠲᠦᠷᠦᠯ ᠶᠢᠨ ᠡᠨᠧᠷᠭᠢ ᠶᠢ ᠠᠷᠪᠢᠯᠠᠬᠤ ᠪᠠ ᠭᠤᠣᠯᠳᠠᠯᠭ᠎ᠠ ᠪᠣᠯᠬᠤ ᠡᠨᠧᠷᠭᠢ ᠶᠢᠨ ᠬᠤᠷᠣᠭᠳᠠᠯᠲᠤ ᠠᠵᠤ ᠠᠬᠤᠶᠢᠯᠠᠯ ᠤᠨ ᠡᠨᠧᠷᠭᠢ ᠶᠢᠨ ᠬᠡᠷᠡᠭᠯᠡᠯᠲᠡ ᠶᠢ ᠪᠥᠷᠢᠳᠭᠡᠨ ᠪᠠᠶᠢᠴᠠᠭᠠᠬᠤ ᠶᠢ ᠬᠠᠷᠢᠭᠤᠴᠠᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠲᠤ ᠪᠤᠬᠢᠷᠳᠣᠯ ᠦᠭᠡᠢ ᠬᠦᠭᠵᠢᠯᠳᠡ ᠶᠢᠨ ᠭᠦᠢᠴᠡᠳᠭᠡᠯ ᠲᠤᠭ᠎ᠠ ᠶᠢᠨ ᠲᠤᠭᠳᠠᠯᠴᠠᠭ᠎ᠠ ᠪᠠ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠳᠠ ᠶᠢᠨ ᠣᠨ ᠤ ᠦᠨᠡᠯᠡᠯᠳᠡ ᠶᠢᠨ ᠠᠵᠢᠯ ᠢ ᠦᠷᠨᠢᠭᠦᠯᠤᠨ᠎ᠠ᠃ ᠬᠤᠯᠪᠤᠭᠳᠠᠯ ᠪᠦᠬᠦᠢ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠶᠠᠰᠣ ᠴᠢᠨᠠᠷ ᠢ ᠪᠠᠶᠢᠴᠠᠭᠠᠨ ᠦᠨᠡᠯᠡᠨ᠎ᠡ᠃ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠠᠵᠢᠯ ᠲᠦᠷᠦᠯ ᠪᠠ ᠦᠨᠳᠦᠰᠦᠨ ᠱᠠᠳᠣᠨ ᠤ ᠲᠤᠭ᠎ᠠ ᠪᠦᠷᠢᠳᠭᠡᠯ ᠤᠨ ᠠᠵᠢᠯ ᠢ ᠵᠢᠯᠣᠭᠤᠳᠤᠨ᠎ᠠ᠃     ︵ᠨᠠᠢᠮᠠ︶  ᠠᠷᠠᠯᠵᠢᠶ᠎ᠠ ᠭᠠᠳᠠᠭᠠᠳᠣ ᠠᠵᠤ ᠠᠬᠤᠢ ᠶᠢᠨ ᠪᠦᠷᠢᠳᠭᠡᠯ ᠤᠨ ᠰᠠᠯᠠᠭ᠎ᠠ     ᠪᠦᠭᠡᠮ ᠢᠶᠠᠷ ᠬᠤᠳᠠᠯᠳᠣᠬᠤ ᠪᠠ ᠵᠢᠵᠢᠭᠯᠡᠨ ᠬᠤᠳᠠᠯᠳᠣᠬᠤ ᠦᠢᠯᠡᠰ᠂ ᠬᠤᠨᠣᠭᠯᠠᠬᠤ ᠪᠠ ᠢᠳᠡᠭᠡᠨ ᠣᠮᠳᠠᠭᠠᠨ ᠤ ᠦᠢᠯᠡᠰ ᠤᠨ ᠠᠵᠢᠯ ᠲᠦᠷᠦᠯ ᠤᠨ ᠬᠦᠭᠵᠢᠯᠳᠡ ᠬᠤᠪᠢᠷᠠᠯᠳᠠ᠂ ᠪᠦᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠣᠬᠤ ᠶᠡᠷᠤᠩᠭᠡᠢ ᠲᠤᠭ᠎ᠠ᠂ ᠬᠤᠳᠠᠯᠳᠣᠭᠠᠨ ᠤ ᠡᠵᠡᠩᠨᠡᠯᠳᠡ ᠶᠢᠨ ᠬᠡᠯᠪᠡᠷᠢ ᠪᠠᠶᠢᠳᠠᠯ ᠬᠢᠬᠡᠳ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ ᠪᠥᠷᠢᠳᠭᠡᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠯᠪᠤᠭᠳᠠᠯ ᠪᠦᠬᠦᠢ ᠪᠠᠶᠢᠴᠠᠭᠠᠯᠲᠠ ᠶᠢᠨ ᠪᠦᠷᠢᠳᠭᠡᠯ ᠤᠨ ᠲᠤᠭ᠎ᠠ ᠪᠠᠷᠢᠮᠳᠠ ᠶᠢ ᠬᠠᠩᠭᠠᠨ᠎ᠠ᠃ ᠭᠠᠳᠠᠭᠠᠳᠣ ᠠᠴᠠ ᠣᠷᠣᠭᠤᠯᠵᠤ ᠭᠠᠳᠠᠭᠠᠲᠤ ᠳᠤ ᠭᠠᠷᠭᠠᠬᠤ ᠡᠳ᠋ ᠪᠠᠷᠠᠭ᠎ᠠ᠂ ᠭᠠᠳᠠᠭᠠᠳᠣ ᠠᠷᠠᠯᠵᠢᠶᠠᠴᠢᠨ ᠤ ᠪᠡᠯᠡ ᠣᠷᠣᠭᠤᠯᠤᠯᠳᠠ᠂ ᠭᠠᠳᠠᠭᠠᠳᠣ ᠠᠵᠤ ᠠᠬᠤᠢ ᠶᠢᠨ ᠬᠠᠮᠲᠤᠷᠠᠯᠴᠠᠭ᠎ᠠ ᠵᠡᠷᠭᠡ ᠲᠤᠭ᠎ᠠ ᠪᠥᠷᠢᠳᠭᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃ ᠬᠤᠯᠪᠤᠭᠳᠠᠯ ᠪᠦᠬᠦᠢ ᠲᠤᠭ᠎ᠠ ᠪᠦᠷᠢᠳᠭᠡᠯ ᠤᠨ ᠲᠤᠭ᠎ᠠ ᠪᠠᠷᠢᠮᠳᠠ ᠶᠢᠨ ᠶᠠᠰᠣ ᠴᠢᠨᠠᠷ ᠢ ᠪᠠᠶᠢᠴᠠᠭᠠᠨ ᠦᠨᠡᠯᠡᠨ᠎ᠡ᠃  ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠠᠵᠢᠯ ᠲᠦᠷᠦᠯ ᠤᠨ ᠲᠤᠭ᠎ᠠ ᠪᠦᠷᠢᠳᠭᠡᠯ ᠤᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠣᠨ᠎ᠠ᠃     ︵ᠶᠢᠰᠦ︶  ᠨᠡᠶᠢᠭᠡᠮ ᠤᠨ ᠰᠢᠨᠵᠢᠯᠡᠬᠦ ᠣᠬᠠᠭᠠᠨ ᠮᠡᠷᠭᠡᠵᠢᠯ ᠪᠠ ᠰᠣᠶᠣᠯ ᠤᠨ ᠠᠵᠤ ᠦᠢᠯᠡᠰ ᠤᠨ ᠪᠥᠷᠢᠳᠭᠡᠯ ᠤᠨ ᠰᠠᠯᠠᠭ᠎ᠠ      ᠨᠡᠶᠢᠭᠡᠮ ᠤᠨ ᠬᠦᠭᠵᠢᠯᠳᠡ ᠶᠢᠨ ᠦᠨᠳᠦᠰᠦᠨ ᠪᠠᠶᠢᠳᠠᠯ ᠢ ᠪᠦᠷᠢᠳᠭᠡᠨ ᠪᠠᠶᠢᠴᠠᠭᠠᠬᠤ ᠪᠠ ᠡᠮᠡᠭᠳᠡᠶᠢᠴᠣᠳ ᠬᠡᠤᠭᠡᠳ ᠬᠦᠭᠵᠢᠯᠳᠡ ᠶᠢᠨ ᠬᠦᠳᠦᠯᠪᠤᠷᠢ ᠶᠢ ᠬᠡᠷᠡᠭᠵᠢᠭᠦᠯᠦᠭᠰᠡᠨ ᠪᠠᠶᠢᠳᠠᠯ ᠢ ᠪᠦᠷᠢᠳᠭᠡᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠦᠬᠦ ᠬᠤᠲᠠ ᠶᠢᠨ ᠰᠤᠶᠤᠯ ᠤᠨ ᠠᠵᠤ ᠦᠢᠯᠡᠰ ᠢ ᠪᠥᠷᠢᠳᠭᠡᠬᠦ ᠪᠠ ᠰᠢᠨᠵᠢᠯᠡᠬᠦ ᠣᠬᠠᠭᠠᠨ ᠮᠡᠷᠭᠡᠵᠢᠯ ᠤᠨ ᠪᠠᠶᠢᠳᠠᠯ ᠢ ᠪᠥᠷᠢᠳᠭᠡᠨ ᠪᠠᠶᠢᠴᠠᠭᠠᠬᠤ ᠶᠢ ᠵᠤᠬᠢᠶᠠᠨ ᠪᠠᠶᠢᠭᠤᠯᠤᠨ ᠦᠷᠨᠢᠭᠦᠯᠵᠤ᠂ ᠬᠤᠯᠪᠤᠭᠳᠠᠯ ᠪᠦᠬᠦᠢ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠶᠠᠰᠣ ᠴᠢᠨᠠᠷ ᠢ ᠪᠠᠶᠢᠴᠠᠭᠠᠨ ᠦᠨᠡᠯᠡᠨ᠎ᠡ᠃ ᠨᠡᠶᠢᠭᠡᠮ ᠪᠠ ᠰᠢᠵᠢᠯᠡᠬᠦ ᠣᠬᠠᠭᠠᠨ ᠮᠡᠷᠭᠡᠵᠢᠯ ᠤᠨ ᠲᠤᠭ᠎ᠠ ᠪᠥᠷᠢᠳᠭᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃ ᠬᠤᠯᠪᠤᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠭᠡᠯ ᠤᠨ ᠰᠠᠭᠤᠷᠢ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠬᠤᠯᠪᠤᠭᠳᠠᠯ ᠪᠦᠬᠦᠢ ᠲᠤᠰᠬᠠᠢ ᠵᠦᠢᠯ ᠤᠨ ᠪᠠᠶᠢᠴᠠᠭᠠᠯᠳᠠ ᠪᠠ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠨ᠎ᠠ᠃     ︵ᠠᠷᠪᠠ︶ ᠬᠦᠮᠦᠨ ᠠᠮᠠ ᠪᠠ ᠠᠵᠢᠯ ᠣᠯᠭᠤᠯᠳᠠ ᠶᠢᠨ ᠪᠦᠷᠢᠳᠭᠡᠯ ᠤᠨ ᠰᠠᠯᠠᠭ᠎ᠠ     ᠪᠦᠬᠦ ᠬᠤᠲᠠ ᠶᠢᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ᠂ 1%᠎ ᠶᠢᠨ ᠬᠦᠮᠦᠨ ᠠᠮᠠ ᠶᠢᠨ ᠥᠯᠢᠭᠡᠷ ᠠᠪᠤᠭᠰᠠᠨ ᠪᠠᠶᠢᠴᠠᠭᠠᠯᠲᠠ᠂ ᠤᠨ ᠤ ᠬᠦᠮᠦᠨ ᠠᠮᠠ ᠶᠢᠨ ᠬᠤᠪᠢᠷᠠᠯᠳᠠ ᠶᠢᠨ ᠦᠯᠢᠭᠡᠷ ᠠᠪᠤᠭᠰᠠᠨ ᠪᠠᠶᠢᠴᠠᠭᠠᠯᠲᠠ ᠪᠠ ᠬᠦᠳᠡᠯᠮᠤᠷᠢ ᠶᠢᠨ ᠴᠠᠯᠢᠩ ᠤᠨ ᠲᠤᠭ᠎ᠠ ᠪᠦᠷᠢᠳᠭᠡᠯ ᠤᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠦᠮᠦᠨ ᠠᠮᠠ᠂ ᠠᠵᠢᠯ ᠣᠯᠭᠤᠯᠳᠠ ᠪᠠ ᠬᠦᠳᠡᠯᠮᠤᠷᠢ ᠶᠢᠨ ᠴᠠᠯᠢᠩ ᠵᠡᠷᠭᠡ ᠶᠢᠨ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃ ᠬᠤᠯᠪᠤᠭᠳᠠᠯ ᠪᠦᠬᠦᠢ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠶᠢᠴᠠᠭᠠᠨ ᠦᠨᠡᠯᠡᠨ᠎ᠡ᠃ ᠬᠤᠯᠪᠤᠭᠳᠠᠯ ᠪᠦᠬᠦᠢ ᠲᠤᠰᠬᠠᠢ ᠮᠡᠷᠭᠡᠵᠢᠯ ᠶᠢᠨ ᠲᠤᠭ᠎ᠠ ᠪᠦᠷᠢᠳᠭᠡᠯ ᠤᠨ ᠰᠠᠭᠤᠷᠢ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠣᠨ᠎ᠠ᠃     ︵ᠠᠷᠪᠠᠨ ᠨᠢᠭᠡ︶  ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠪᠥᠷᠢᠳᠭᠡᠯ ᠤᠨ ᠰᠠᠯᠠᠭ᠎ᠠ     ᠪᠦᠬᠦ ᠬᠤᠲᠠ ᠶᠢᠨ ᠳᠠᠷᠢᠶᠠᠯᠠᠬᠤ ᠮᠠᠯᠵᠢᠬᠤ ᠤᠷᠤᠨ ᠤ ᠨᠡᠶᠢᠭᠡᠮ ᠤᠨ ᠠᠵᠤ ᠠᠬᠤᠢ ᠶᠢᠨ ᠪᠠᠶᠢᠴᠠᠭᠠᠯᠳᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠦᠬᠦ ᠬᠤᠲᠠ ᠶᠢᠨ ᠳᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭᠠᠰᠣᠨ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠡ᠂ ᠦᠨᠳᠦᠰᠦᠨ ᠪᠠᠶᠢᠳᠠᠯ ᠢ ᠪᠥᠷᠢᠳᠭᠡᠬᠦ ᠪᠠ ᠳᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠣᠨ ᠠᠵᠤ ᠠᠬᠤᠢ ᠶᠢᠨ ᠦᠢᠯᠡᠳᠪᠦᠷᠢᠯᠡᠯ ᠤᠨ ᠶᠡᠷᠤᠩᠭᠡᠢ ᠦᠷᠳᠡᠭ᠂ ᠨᠡᠮᠡᠭᠳᠡᠯ ᠦᠷᠳᠡᠭ ᠤᠨ ᠲᠤᠭᠠᠴᠠᠭ᠎ᠠ ᠬᠢᠬᠦ ᠶᠢ ᠬᠠᠷᠢᠭᠤᠴᠠᠨ᠎ᠠ᠃ ᠪᠦᠬᠦ ᠬᠤᠲᠠ ᠶᠢᠨ ᠮᠠᠯ ᠠᠵᠤ ᠠᠬᠤᠢ ᠶᠢᠨ ᠤᠨ ᠤ ᠮᠠᠯ ᠠᠵᠤ ᠠᠬᠤᠢ ᠨᠡᠶᠢᠳᠡᠮ ᠪᠠᠶᠢᠴᠠᠭᠠᠯᠲᠠ ᠶᠢ ᠬᠠᠮᠵᠢᠨ ᠥᠷᠨᠢᠭᠦᠯᠦᠨ᠎ᠡ᠃ ᠬᠤᠯᠪᠤᠭᠳᠠᠯ ᠪᠦᠬᠦᠢ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠶᠠᠰᠣ ᠴᠢᠨᠠᠷ ᠢ ᠪᠠᠶᠢᠴᠠᠭᠠᠨ ᠦᠨᠡᠯᠡᠨ᠎ᠡ᠃ ᠳᠠᠷᠢᠶᠠᠯᠠᠬᠤ ᠮᠠᠯᠵᠢᠬᠤ ᠣᠷᠣᠨ ᠤ ᠲᠤᠭ᠎ᠠ ᠪᠦᠷᠢᠳᠭᠡᠯ ᠤᠨ ᠮᠠᠲ᠋ᠧᠷᠢᠶᠠᠯ ᠢ ᠴᠤᠭᠯᠠᠭᠤᠯᠤᠨ ᠡᠮᠬᠢᠯᠡᠵᠦ ᠨᠠᠶᠢᠷᠠᠭᠤᠯᠤᠨ ᠲᠠᠷᠬᠠᠭᠠᠨ᠎ᠠ᠃     ︵ᠠᠷᠪᠠᠨ ᠬᠤᠶᠠᠷ︶ ᠦᠢᠯᠡᠴᠢᠯᠡᠭᠡᠨ ᠤ ᠦᠢᠯᠡᠰ ᠤᠨ ᠪᠦᠷᠢᠳᠭᠡᠯ ᠤᠨ ᠰᠠᠯᠠᠭ᠎ᠠ     ᠦᠢᠯᠡᠴᠢᠯᠡᠭᠡᠨ ᠤ ᠦᠢᠯᠡᠰ᠂ ᠵᠠᠮ ᠬᠠᠷᠢᠯᠴᠠᠭ᠎ᠠ ᠳᠡᠭᠡᠭᠡᠪᠤᠷᠢ᠂ ᠰᠢᠣᠳᠡᠨ ᠬᠤᠯᠪᠤᠭᠠᠨ ᠤ ᠵᠦᠭᠡᠯᠡᠨ ᠲᠤᠨᠤᠭ ᠤᠨ ᠦᠢᠯᠡᠰ᠂ ᠢᠨᠲ᠋ᠧᠷ ᠰᠦᠯᠵᠢᠶᠡᠨ ᠤ ᠠᠵᠤ ᠠᠬᠤᠢ ᠶᠢ ᠪᠥᠷᠢᠳᠭᠡᠨ ᠪᠠᠶᠢᠴᠠᠭᠠᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠦᠢᠯᠡᠴᠢᠯᠡᠭᠡᠨ ᠤ ᠦᠢᠯᠡᠰ ᠤᠨ ᠵᠢᠭᠠᠯᠳᠠ ᠲᠤᠭ᠎ᠠ ᠶᠢ ᠨᠠᠶᠢᠷᠠᠭᠤᠯᠤᠨ ᠵᠤᠬᠢᠶᠠᠨ᠎ᠠ᠃ ᠦᠢᠯᠡᠴᠢᠯᠡᠭᠡᠨ ᠤ ᠦᠢᠯᠡᠰ ᠤᠨ ᠠᠵᠤ ᠠᠬᠤᠢ ᠶᠢᠨ ᠠᠵᠢᠯᠯᠠᠭ᠎ᠠ ᠶᠢ ᠵᠠᠳᠠᠯᠤᠨ ᠰᠤᠳᠤᠯᠤᠨ᠎ᠠ᠃ ᠬᠤᠯᠪᠤᠭᠳᠠᠯ ᠪᠦᠬᠦᠢ ᠲᠤᠭ᠎ᠠ ᠪᠦᠷᠢᠳᠭᠡᠯ ᠤᠨ ᠲᠤᠭ᠎ᠠ ᠪᠠᠷᠢᠮᠲᠠ ᠶᠢᠨ ᠶᠠᠰᠣ ᠴᠢᠨᠠᠷ ᠢ ᠪᠠᠶᠢᠴᠠᠭᠠᠨ ᠦᠨᠡᠯᠡᠨ᠎ᠡ᠃ ᠪᠦᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠭᠡᠯ ᠤᠨ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠴᠣ ᠵᠤᠬᠢᠴᠠᠭᠤᠯᠤᠨ᠎ᠠ᠃            ᠪᠠᠶᠢᠭᠤᠯᠭ᠎ᠠ ᠶᠢᠨ ᠨᠠᠮ ᠤᠨ ᠬᠤᠷᠢᠶ᠎ᠠ     ᠪᠠᠶᠢᠭᠤᠯᠭ᠎ᠠ ᠪᠠ ᠬᠠᠷᠢᠶ᠎ᠠ ᠨᠢᠭᠡᠴᠠ ᠶᠢᠨ ᠨᠠᠮ ᠪᠠ  ᠣᠯᠠᠨ ᠲᠦᠮᠡᠨ᠂ ᠰᠠᠬᠢᠯᠭ᠎ᠠ ᠪᠠᠳᠣ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ     ᠳᠠᠪᠤᠳᠣᠭᠠᠷ ᠵᠦᠢᠯ    ᠬᠤᠲᠠ ᠶᠢᠨ ᠲᠤᠭ᠎ᠠ ᠪᠦᠷᠢᠳᠭᠡᠯ ᠤᠨ ᠲᠣᠪᠴᠢᠶ᠎ᠠ ᠨᠢ 25 ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠣᠷᠣᠨ ᠲᠤᠭ᠎ᠠ ᠲᠠᠢ᠃ ᠲᠤᠪᠴᠢᠶᠠᠨ ᠳᠠᠷᠤᠭ᠎ᠠ1 ᠨᠡᠷᠡᠰ᠂ ᠲᠤᠪᠴᠢᠶᠠᠨ ᠳᠡᠳ᠋ ᠳᠠᠷᠤᠭ᠎ᠠ 2 ᠨᠡᠷᠡᠰ︔ ᠰᠠᠯᠠᠭᠠᠨ ᠳᠡᠰ ᠤᠨ ᠣᠳᠣᠷᠢᠳᠣᠯᠭ᠎ᠠ 20 ᠨᠡᠷᠡᠰ〔14 ᠵᠢᠩᠭᠢᠨᠢ ︵ᠶᠡᠷᠤᠩᠭᠡᠢ ᠪᠦᠷᠢᠳᠭᠡᠭᠴᠢ᠂ ᠪᠠᠶᠢᠭᠤᠯᠭ᠎ᠠ ᠶᠢᠨ ᠨᠠᠮ ᠤᠨ ᠬᠤᠷᠢᠶ᠎ᠠ ᠶᠢᠨ ᠲᠤᠰᠬᠠᠢ ᠲᠤᠰᠢᠶᠠᠯᠳᠣ ᠳᠡᠳ᠋ ᠱᠦᠵᠢ 1 ᠨᠡᠷᠡᠰ︶ 6 ᠳᠡᠳ᠋ ᠳᠠᠷᠤᠭ᠎ᠠ〕᠎ ᠲᠠᠢ᠃      ᠵᠢᠷᠭᠤᠳᠣᠭᠠᠷ ᠵᠦᠢᠯ   ᠣᠷᠳᠣᠰ ᠬᠤᠲᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠠ ᠶᠢᠨ ᠪᠠᠶᠢᠷᠢᠯᠠᠭᠤᠯᠤᠯᠳᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠤᠭᠳᠠᠭᠠᠨ᠎ᠠ᠃     ᠳᠣᠯᠣᠳᠣᠭᠠᠷ ᠵᠦᠢᠯ    ᠲᠤᠰ ᠲᠤᠭᠳᠠᠭᠠᠯ ᠢ ᠳᠣᠮᠳᠠᠳᠣ ᠣᠯᠣᠰ ᠤᠨ ᠡᠪ ᠬᠠᠮᠳᠣ ᠨᠠᠮ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭᠠᠨ ᠤ ᠵᠦᠪᠯᠡᠯ ᠤᠨ ᠠᠯᠪᠠᠨ ᠬᠡᠷ ᠠᠴᠠ ᠬᠠᠷᠢᠭᠤᠴᠠᠨ ᠳᠠᠶᠢᠯᠪᠤᠷᠢᠯᠠᠵᠤ᠂ ᠲᠤᠬᠢᠷᠠᠭᠤᠯᠤᠯᠳᠠ ᠬᠢᠬᠦ ᠳᠤ ᠪᠠᠨ ᠳᠣᠮᠳᠠᠳᠣ ᠣᠯᠣᠰ ᠤᠨ ᠡᠪ ᠬᠠᠮᠳᠣ ᠨᠠᠮ ᠎ ᠤᠨ ᠣᠷᠳᠣᠰ ᠬᠤᠲᠠ ᠶᠢᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭᠠᠨ ᠤ ᠵᠦᠪᠯᠡᠯ ᠤᠨ ᠠᠯᠪᠠᠨ ᠬᠡᠷ ᠠᠴᠠ ᠲᠤᠭᠳᠠᠭᠠᠭᠰᠡᠨ ᠳᠡᠰ ᠳᠠᠷᠠᠭᠠᠯᠠᠯ ᠶᠣᠰᠤᠭᠠᠷ ᠬᠦᠢᠴᠡᠳᠭᠡᠨ᠎ᠡ᠃      ᠨᠠᠢᠮᠠᠳᠣᠭᠠᠷ ᠵᠦᠢᠯ   ᠲᠤᠰ ᠲᠤᠭᠳᠠᠭᠠᠯ ᠢ 2019 ᠣᠨ ᠤ 3 ᠰᠠᠷ᠎ᠠ ᠶᠢᠨ 27᠎ ᠤ ᠡᠳᠣᠷ ᠠᠴᠠ ᠡᠬᠢᠯᠡᠨ ᠬᠡᠷᠡᠭᠵᠢᠭᠦᠯᠦᠨ᠎ᠡ᠃ᠠᠵᠢᠯᠯᠠᠬᠤ ᠭᠠᠵᠠᠷ᠄ ᠣᠷᠳᠣᠰ ᠬᠤᠲᠠ ᠶᠢᠨ ᠬᠢᠶ᠎ᠠ ᠪᠠᠭᠰᠢ ᠲᠤᠭᠤᠷᠢᠭ ᠤᠨ ᠨᠠᠮ ᠵᠠᠰᠠᠭ ᠤᠨ ᠲᠤᠮᠤ ᠠᠰᠠᠷ ᠤᠨ B ᠰᠠᠭᠤᠳᠠᠯ ᠤᠨ 11 ᠳ᠋ᠣᠭᠡᠷ ᠳᠠᠪᠬᠤᠷᠭ᠎ᠠᠠᠯᠪᠠᠯᠠᠬᠤ ᠣᠳᠠᠰᠣ᠄ 0477-8588022  0477-3115025ᠠᠵᠢᠯᠯᠠᠬᠤ ᠴᠠᠭ᠄ 9:00-12:00  14:00-17:30 ᠰᠢᠣᠳᠡᠨ ᠳ᠋ᠣᠭᠠᠷ᠄ 017000 ᠰᠦᠯᠵᠢᠶᠡᠨ ᠬᠠᠶ᠋ᠢᠭ ᠄ http://tjj.ordos.gov.cn/ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ