ᠲᠦᠷᠦᠭᠦᠦ ᠭᠤᠷᠪᠠᠨ ᠤᠯᠠᠷᠢᠯ ᠳᠤ ᠮᠠᠨ ᠤ ᠬᠤᠲᠠ ᠶᠢᠨ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ ᠤᠨ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ ᠨᠡᠮᠡᠭᠳᠡᠪᠡ
ᠨᠡᠶᠢᠲᠡᠯᠡᠭᠰᠡᠨ ᠴᠠᠭ᠄
2024/11/13
    ᠲᠦᠷᠦᠭᠦᠦ ᠭᠤᠷᠪᠠᠨ ᠤᠯᠠᠷᠢᠯ ᠳᠤ ᠮᠠᠨ ᠤ ᠬᠤᠲᠠ ᠶᠢᠨ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ ᠤᠨ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ 91.1ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7%᠎ ᠪᠠᠷ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠳᠡᠭᠡᠷ᠎ᠡ ᠬᠠᠭᠠᠰ ᠵᠢᠯ ᠤᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 1.1 ᠥᠨᠳᠥᠷ ᠪᠣᠯᠪᠠ᠃    ᠡᠭᠦᠨ ᠳᠤ ᠲᠠᠷᠢᠶᠠᠯᠠᠩ ᠤᠨ ᠦᠢᠯᠡᠳᠬᠦᠨ ᠤ ᠥᠷᠲᠡᠭ 19.0 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.0%᠎ ᠢᠶᠠᠷ ᠨᠡᠮᠡᠭᠳᠡᠪᠡ︔ ᠣᠢ ᠰᠢᠭᠤᠢ ᠶᠢᠨ ᠦᠢᠯᠡᠰ ᠤᠨ ᠦᠢᠯᠡᠳᠬᠦᠨ ᠤ ᠥᠷᠲᠡᠭ 8.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.5%᠎ ᠪᠠᠷ ᠨᠡᠮᠡᠭᠳᠡᠪᠡ︔ ᠮᠠᠯ ᠠᠵᠤ ᠠᠬᠤᠢ ᠶᠢᠨ ᠦᠢᠯᠡᠳᠬᠦᠨ ᠤ ᠥᠷᠲᠡᠭ 57.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0%᠎ ᠪᠠᠷ ᠨᠡᠮᠡᠭᠳᠡᠪᠡ︔ ᠵᠢᠭᠠᠰᠤᠨ ᠤ ᠦᠢᠯᠡᠰ ᠤᠨ ᠠᠵᠤ ᠠᠬᠤᠢ ᠶᠢᠨ ᠦᠢᠯᠡᠳᠬᠦᠨ ᠤ ᠥᠷᠲᠡᠭ 2.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.8%᠎ ᠪᠠᠷ ᠨᠡᠮᠡᠭᠳᠡᠪᠡ︔ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ ᠤᠨ ᠠᠵᠤ ᠠᠬᠤᠢ ᠶᠢᠨ ᠲᠤᠰᠬᠠᠢ ᠮᠡᠷᠭᠡᠵᠢᠯ ᠵᠢᠴᠢ ᠲᠤᠰᠠᠯᠠᠬᠤ ᠴᠢᠨᠠᠷᠲᠠᠢ ᠠᠵᠢᠯᠯᠠᠭ᠎ᠠ ᠶᠢᠨ ᠦᠢᠯᠡᠳᠬᠦᠨ ᠤ ᠥᠷᠲᠡᠭ 4.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 7.4%᠎ ᠪᠠᠷ ᠨᠡᠮᠡᠭᠳᠡᠪᠡ︔ ᠦᠢᠯᠡᠳᠬᠦᠨ ᠤ ᠥᠷᠲᠡᠭ ᠤᠨ ᠪᠦᠲᠦᠴᠡ ᠠᠴᠠ ᠦᠵᠡᠪᠡᠯ᠂ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠵᠢᠭᠠᠰᠤᠨ ᠤ ᠦᠢᠯᠡᠰ ᠤᠨ ᠠᠵᠤ ᠠᠬᠤᠢ ᠪᠠ ᠲᠤᠰᠬᠠᠢ ᠮᠡᠷᠭᠡᠵᠢᠯ ᠵᠢᠴᠢ ᠲᠤᠰᠠᠯᠠᠬᠤ ᠴᠢᠨᠠᠷᠲᠠᠢ ᠠᠵᠢᠯᠯᠠᠭ᠎ᠠ ᠶᠢᠨ ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ 20.8᠄ 9.3᠄ 62.9᠄ 2.3᠄ 4.6 ᠪᠣᠯᠪᠠ᠃ ᠳᠠᠶᠢᠴᠢᠯᠠᠬᠤ ᠬᠦᠴᠦᠨ ᠨᠢ ᠭᠤᠣᠯᠳᠠᠭᠤ ᠮᠠᠯ ᠠᠵᠤ ᠠᠬᠤᠢ ᠠᠴᠠ ᠢᠷᠡᠵᠤ᠂ ᠦᠢᠯᠡᠳᠬᠦᠨ ᠤ ᠥᠷᠲᠡᠭ ᠤᠨ ᠡᠵᠡᠯᠡᠬᠦ ᠬᠠᠷᠢᠴᠠᠯ ᠨᠢ 6 ᠬᠤᠪᠢ ᠶᠢ ᠳᠠᠪᠠᠨ᠂ ᠬᠤᠪᠢ ᠨᠡᠮᠡᠷᠢ ᠶᠢᠨ ᠨᠣᠷᠮ᠎ᠠ ᠨᠢ 53.7%᠎ ᠳᠤ ᠬᠦᠷᠴᠦ᠂ ᠪᠥᠬᠦ ᠬᠤᠲᠠ ᠶᠢᠨ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠤ ᠦᠢᠯᠡᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 2.5 ᠳᠠᠶᠢᠴᠢᠯᠠᠭᠰᠠᠨ ᠪᠠᠶᠢᠨ᠎ᠠ᠃ 
ᠢᠷᠡᠯᠲᠡ᠄ ᠣᠷᠳᠣᠰ ᠤᠨ ᠡᠳᠦᠷ ᠤᠨ ᠰᠣᠨᠢᠨ