ᠣᠳᠤᠭ ᠬᠤᠰᠢᠭᠤᠨ ᠤ ᠳᠠᠭᠠᠭᠠᠴᠢᠯᠠᠨ ᠬᠤᠯᠪᠣᠭᠠᠯᠠᠵᠤ ᠲᠠᠷᠢᠶᠠᠯᠠᠩ ᠮᠠᠯ ᠠᠵᠤ ᠠᠬᠤᠢ ᠶᠢ ᠲᠤᠰᠠᠯᠠᠵᠤ ᠪᠣᠷᠣᠯᠠᠭᠤᠯᠭ᠎ᠠ ᠶᠢ ᠠᠬᠢᠭᠤᠯᠬᠤ ᠲᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/13
    ᠣᠶᠢᠷ᠎ᠠ ᠶᠢᠨ ᠡᠳᠦᠷ᠂ ᠤᠳᠤᠭ ᠬᠤᠰᠢᠭᠤᠨ ᠤ ᠳᠠᠭᠠᠭᠠᠴᠢᠯᠠᠨ ᠬᠤᠯᠪᠣᠭᠠᠯᠠᠵᠤ ᠲᠠᠷᠢᠶᠠᠯᠠᠩ ᠮᠠᠯ ᠠᠵᠤ ᠠᠬᠤᠢ ᠶᠢ ᠲᠤᠰᠠᠯᠠᠵᠤ ᠪᠣᠷᠣᠯᠠᠭᠤᠯᠭ᠎ᠠ ᠶᠢ ᠠᠬᠢᠭᠤᠯᠬᠤ ᠲᠠᠶᠢᠴᠢᠯᠠᠯᠲᠠ ᠶᠢᠨ ᠬᠤᠷᠠᠯ ᠬᠤᠷᠠᠯᠳᠤᠵᠤ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠤ ᠬᠠᠤᠯᠢ ᠴᠠᠭᠠᠵᠠ ᠶᠢᠨ ᠵᠥᠪᠯᠡᠯ ᠤᠨ ᠱᠦᠵᠢ᠂ ᠬᠤᠰᠢᠭᠤᠨ ᠤ ᠭᠠᠴᠠᠭᠠᠨ ᠳᠤ ᠰᠠᠭᠤᠭ᠎ᠠ ᠠᠵᠢᠯ ᠤᠨ ᠤᠳᠤᠷᠢᠳᠬᠤ ᠲᠣᠭᠤᠶᠢᠯᠠᠩ ᠤᠨ ᠳᠠᠷᠤᠭ᠎ᠠ ᠰᠢᠶᠧ ᠢᠣᠢ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤᠨ ᠤ ᠭᠠᠴᠠᠭᠠᠨ ᠳᠤ ᠰᠠᠭᠤᠭ᠎ᠠ ᠠᠵᠢᠯ ᠤᠨ ᠤᠳᠤᠷᠢᠳᠬᠤ ᠲᠣᠭᠤᠶᠢᠯᠠᠩ ᠤᠨ ᠳᠡᠳ᠋ ᠳᠠᠷᠤᠭ᠎ᠠ ᠮᠠ ᠽᠢ ᠳ᠋ᠦᠩ ᠬᠤᠷᠠᠯ ᠳᠤ ᠣᠷᠤᠯᠴᠠᠨ᠂ ᠬᠤᠰᠢᠭᠤ ᠲᠡᠳ᠋ ᠳᠠᠷᠤᠭ᠎ᠠ᠂ ᠬᠤᠰᠢᠭᠤᠨ ᠤ ᠲᠣᠰᠬᠤᠨ ᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠤᠳᠣᠷᠢᠳᠬᠤ ᠳᠣᠭᠤᠶᠢᠯᠠᠩ ᠤᠨ ᠲᠡᠳ᠋ ᠳᠠᠷᠤᠭ᠎ᠠ ᠭᠦᠸᠧ ᠵᠣᠣ ᠡᠾᠦ᠋ᠢ ᠬᠤᠷᠠᠯ ᠢ ᠡᠷᠬᠢᠯᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠳᠠᠨᠢᠯᠲᠠ ᠪᠠᠨ ᠳᠡᠭᠡᠭᠰᠢᠯᠡᠭᠦᠯᠵᠦ᠂ ︽ᠭᠤᠷᠪᠡᠨ ᠲᠥᠷᠪᠡ︾ ᠶᠢᠨ ᠠᠵᠢᠯ ᠤᠨ ᠡᠭᠦᠷᠭᠡ ᠲᠠᠢ ᠨᠢᠭᠲᠠ ᠤᠶᠠᠯᠳᠤᠭᠤᠯᠤᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠤ᠂ ︽ᠮᠢᠩᠭᠠᠨ ᠲᠦᠮᠡ ᠶᠢᠨ ᠢᠨᠵᠧᠨᠧᠷᠢᠩ︾ ᠤᠨ ᠲᠣᠷᠰᠢᠯᠭ᠎ᠠ ᠶᠢ ᠰᠤᠷᠤᠯᠴᠠᠨ ᠭᠡᠷᠡᠭᠯᠡᠬᠦ ᠲᠠᠢ ᠨᠢᠭᠲᠠ ᠤᠶᠠᠯᠳᠤᠭᠤᠯᠤᠨ᠂ ᠣᠲᠤᠭ ᠬᠤᠰᠢᠭᠤᠨ ᠤ ᠡᠪᠦᠯ ᠤᠨ ᠤᠯᠠᠷᠢᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠠᠶᠢᠳᠠᠯ ᠢ ᠭᠦᠢᠴᠡᠳ ᠲᠠᠨᠢᠵᠤ᠂ ᠲᠠᠷᠢᠶᠠᠯᠠᠩ ᠢ ᠬᠠᠪᠰᠤᠷᠤᠨ ᠳᠡᠳᠭᠦᠬᠦ ᠳᠤᠯᠭᠠᠮ᠎ᠠ ᠰᠡᠳᠭᠢᠯᠭᠡ᠂ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠰᠡᠳᠭᠢᠯᠭᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠠᠴᠠᠭ᠎ᠠ ᠲᠣᠰᠬᠤᠨ ᠳᠤ ᠳᠠᠭᠠᠭᠠᠴᠢᠯᠡᠨ ᠬᠤᠯᠪᠣᠭᠠᠯᠠᠵᠤ ᠠᠵᠢᠯᠯᠠᠬᠤ ᠤᠯᠤᠰ ᠲᠦᠷᠤ ᠶᠢᠨ ᠳᠠᠪᠠᠭᠤᠯᠢᠭ᠂ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ  ᠪᠠ ᠲᠦᠷᠢᠮ ᠤᠨ ᠳᠠᠪᠠᠭᠤᠯᠢᠭ ᠢ ᠦᠨᠡᠬᠦ ᠪᠠᠲᠠᠷᠠᠭᠤᠯᠵᠤ᠂ ᠮᠠᠯ ᠠᠵᠤ ᠠᠬᠤᠢ ᠶᠢᠨ ᠬᠤᠷᠰᠢᠶᠠᠵᠢᠯ ᠵᠢᠴᠢ ᠲᠠᠵᠢᠭᠡᠨ ᠦᠷᠡᠵᠢᠭᠦᠯᠬᠦ ᠡᠷᠤᠭᠡ ᠶᠢ ᠢᠳᠡᠪᠬᠢᠲᠡᠢ ᠪᠠᠷ ᠬᠦᠳᠦᠯᠤᠨ ᠵᠢᠯᠤᠭᠤᠳᠴᠦ ᠪᠠᠶᠢᠭᠠᠳ ᠮᠠᠯ ᠤᠨ ᠪᠣᠷᠣᠯᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠮᠠᠯ ᠠᠵᠤ ᠠᠬᠤᠢ ᠶᠢᠨ ᠭᠠᠷᠤᠯᠲᠠ ᠪᠠᠨ ᠨᠡᠮᠡᠭᠳᠡᠭᠦᠯᠵᠦ ᠣᠷᠤᠯᠭ᠎ᠠ ᠪᠠᠨ ᠨᠡᠮᠡᠭᠳᠡᠭᠦᠯᠬᠦ ᠶᠢ ᠪᠡᠶᠡᠯᠡᠭᠦᠯᠬᠦ ᠶᠢ ᠦᠨᠡᠨᠬᠦ ᠪᠠᠲᠦᠯᠡᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠠ ᠪᠠᠨ ᠨᠠᠷᠢᠯᠢᠭᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠠ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠣᠢᠯᠡᠳᠤᠯ ᠢ ᠭᠦᠢᠴᠡᠳ ᠪᠠᠲᠠᠷᠠᠭᠤᠯᠵᠤ᠂ ᠨᠢᠭᠡ ᠲᠣᠰᠬᠤᠨ ᠳᠤ ᠨᠢᠭᠡ ᠠᠷᠭ᠎ᠠ ᠪᠣᠳᠣᠯᠭ᠎ᠠ ᠪᠠᠷ ᠳᠠᠭᠠᠭᠠᠴᠢᠯᠠᠨ ᠬᠤᠯᠪᠣᠭᠠᠯᠠᠭᠰᠠᠨ ᠭᠠᠴᠠᠭ᠎ᠠ ᠲᠣᠰᠬᠤᠨ ᠤ ᠮᠠᠯ ᠤᠨ ᠪᠣᠷᠣᠯᠠᠭᠤᠯᠭ᠎ᠠ ᠶᠢᠨ ᠠᠰᠠᠭᠤᠳᠠᠯ ᠢ ᠰᠤᠳᠤᠯᠤᠨ ᠰᠢᠢᠳᠪᠤᠷᠢᠯᠡᠵᠤ᠂ ᠪᠤᠷᠣᠯᠠᠭᠤᠯᠭ᠎ᠠ ᠶᠢᠨ ᠰᠠᠭᠤᠷᠢ ᠲᠤᠭ᠎ᠠ ᠶᠢ ᠲᠤᠳᠤᠷᠬᠠᠢ ᠣᠶᠢᠯᠠᠭᠠᠵᠤ᠂ ᠳᠠᠭᠠᠭᠠᠴᠢᠯᠠᠨ ᠬᠤᠯᠪᠣᠭᠠᠯᠠᠭᠰᠠᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠤᠨᠣᠪᠴᠢᠲᠡᠢ ᠵᠤᠯᠭᠠᠭᠤᠯᠬᠤ ᠬᠡᠷᠡᠭᠲᠡᠢ᠃ ︽ᠨᠢᠭᠡᠳᠦᠭᠡᠷ ᠱᠦᠵᠢ ᠶᠢᠨ ᠠᠵᠤ ᠦᠢᠯᠡᠰ ᠤᠨ ᠬᠤᠯᠪᠣᠭ᠎ᠠ︾ ᠶᠢᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠷᠠᠭᠤᠯᠵᠤ᠂ ︽ᠢᠨᠲ᠋ᠧᠷ ᠰᠦᠯᠵᠢᠶᠠᠨ ᠤ ᠡᠯᠧᠺᠲᠷᠤᠨ ᠬᠤᠲᠠᠯᠳᠤᠭᠠᠨ ᠤ ᠶᠠᠪᠤᠳᠠᠯ︾ ᠤᠨ ᠬᠥᠭᠵᠢᠯᠲᠡ ᠶᠢᠨ ᠠᠵᠠ ᠳᠣᠬᠢᠶᠠᠯ ᠢ ᠵᠠᠪᠳᠤᠨ ᠠᠳᠬᠤᠵᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠠᠷᠭ᠎ᠠ ᠵᠠᠮ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠲᠡᠭᠦᠨ ᠤ ᠠᠷᠠᠯᠵᠢᠶᠠᠨ ᠤ ᠲᠥᠪ ᠢ ᠪᠠᠶᠢᠭᠤᠯᠤᠨ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠪᠣᠷᠣᠯᠠᠭᠤᠯᠭ᠎ᠠ ᠶᠢᠨ ᠲᠡᠪᠴᠡᠩ ᠢ ᠤᠯᠠᠮ ᠨᠢᠭᠡ ᠠᠯᠬᠤᠮ ᠦᠷᠭᠡᠳᠭᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠭᠡᠬᠦ ᠬᠡᠷᠡᠭᠲᠡᠢ᠃ ᠬᠠᠷᠢᠭᠤᠴᠠᠯᠭ᠎ᠠ ᠶᠢᠨ ᠨᠡᠶᠢᠳᠡᠪᠤᠷᠢᠵᠢᠭᠤᠯᠤᠯᠲᠠ ᠶᠢ ᠴᠢᠩᠭᠠᠳᠬᠠᠵᠤ᠂ ᠮᠠᠯ ᠤᠨ ᠪᠣᠷᠣᠯᠠᠭᠤᠯᠭ᠎ᠠ ᠶᠢ ᠠᠬᠢᠭᠤᠯᠬᠤ ᠠᠵᠢᠯ ᠢ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠲᠣᠬᠢᠷᠠᠭᠤᠯᠤᠨ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠮᠠᠯ ᠪᠣᠷᠣᠯᠠᠭᠤᠯᠬᠤ ᠠᠵᠢᠯ ᠳᠤ ᠣᠷᠣᠰᠢᠵᠤ ᠪᠠᠶᠢᠭ᠎ᠠ ᠳᠣᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠤ᠂ ᠴᠢᠩᠭ᠎ᠠ ᠰᠤᠷᠲᠠᠯ᠂ ᠪᠣᠳᠠᠲᠠᠢ ᠠᠷᠭ᠎ᠠ ᠬᠡᠮᠵᠢᠶ᠎ᠡ ᠪᠠᠷ ᠮᠠᠯᠴᠢᠨ ᠲᠠᠷᠢᠶᠠᠴᠢᠨ ᠤ ᠪᠠᠴᠢᠮ ᠲᠤᠯᠭᠠᠮ᠎ᠠ ᠪᠡᠷᠬᠡ ᠠᠰᠠᠭᠤᠳᠠᠯ ᠢ ᠰᠠᠶᠢᠲᠤᠷ ᠰᠢᠢᠳᠪᠦᠷᠢᠯᠡᠨ᠂ ᠴᠥᠭᠡᠨ ᠲᠡᠵᠢᠭᠡᠵᠤ ᠨᠠᠷᠢᠯᠢᠭ ᠠᠷᠠᠴᠢᠯᠠᠬᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠦᠨᠡᠨᠬᠦ ᠪᠡᠶᠡᠯᠡᠭᠦᠯᠵᠤ᠂ ᠨᠤᠲᠤᠭ ᠪᠡᠯᠴᠢᠭᠡᠷ ᠤᠨ ᠳᠠᠷᠤᠯᠲᠠ ᠶᠢ ᠳᠠᠰᠤᠷᠠᠯᠲᠠ ᠦᠭᠡᠢ ᠬᠥᠩᠭᠡᠷᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠢ ᠭᠡᠪᠡ᠃
微信图片_20241113113154.jpg
 
ᠢᠷᠡᠯᠲᠡ᠄ ᠣᠲᠤᠭ ᠬᠤᠰᠢᠭᠤᠨ ᠤ ᠬᠠᠮ ᠵᠠᠭᠤᠴᠢᠯᠠᠭᠤᠷ ᠤᠨ ᠲᠥᠪ