ᠣᠳᠣᠬᠠᠨ ᠤ ᠮᠠᠨ ᠤ ᠤᠯᠤᠰ ᠤᠨ ᠠᠵᠤ ᠠᠬᠤᠢ ᠶᠢᠨ ᠪᠠᠶᠢᠳᠠᠯ ᠢ ᠬᠡᠷᠬᠢᠨ ᠦᠵᠡᠬᠦ ᠪᠤᠢ︖ ᠠᠷᠠᠳ ᠤᠨ ᠡᠳᠦᠷ ᠤᠨ ᠰᠣᠨᠢᠨ ᠤ ᠡᠨᠡ ᠵᠣᠬᠢᠶᠠᠯ ᠳᠤ ᠲᠣᠳᠣᠷᠬᠠᠢ ᠶᠠᠷᠢᠵᠠᠢ ︵ᠬᠤᠶᠠᠷ︶
ᠨᠡᠶᠢᠲᠡᠯᠡᠭᠰᠡᠨ ᠴᠠᠭ᠄
2024/11/14
     ︵ᠬᠤᠶᠠᠷ︶      ᠰᠢᠨ᠎ᠡ ᠪᠠᠶᠢᠳᠠᠯ ᠢ ᠠᠷᠭᠠᠴᠠᠭᠠᠬᠤ ᠳᠤ᠂ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ ᠪᠠᠷᠢᠮᠲᠠᠯᠠᠬᠤ ᠬᠡᠷᠡᠭᠲᠡᠢ      ᠬᠡᠪ ᠤᠨ ᠬᠡᠯᠪᠡᠯᠵᠡᠯ ᠳᠤ ᠬᠠᠨᠳᠤᠬᠤ ᠳᠤ ᠪᠠᠨ᠂ ᠡᠩ ᠤᠨ ᠰᠡᠳᠬᠢᠯᠭᠡ ᠢᠯᠡᠭᠦᠬᠡᠨ ᠪᠠᠶᠢᠬᠤ ᠳᠤ ᠪᠠᠨ ᠲᠠᠭᠠᠷᠠᠨ᠎ᠠ᠃ ᠨᠡᠮᠡᠭᠳᠡᠯ ᠤᠨ ᠬᠤᠷᠳᠤᠴᠠ ᠠᠴᠠ ᠦᠵᠡᠪᠡᠯ᠂ ᠭᠤᠷᠪᠠᠨ ᠤᠯᠠᠷᠢᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠬᠡᠳᠦᠶᠢᠪᠡᠷ ᠬᠡᠯᠪᠡᠯᠵᠡᠯ ᠲᠠᠢ ᠪᠠᠶᠢᠭᠰᠠᠨ ᠴᠤ ᠬᠡᠯᠪᠡᠯᠵᠡᠯ ᠤᠨ ᠬᠡᠮᠵᠢᠶ᠎ᠡ ᠨᠢ ᠶᠡᠭᠡ ᠪᠢᠰᠢ ᠪᠠᠶᠢᠵᠤ᠂ ᠮᠥᠨ ᠯᠡ ︽5% ᠣᠷᠴᠢᠮ︾᠎ ᠤᠨ ᠵᠢᠱᠢᠭᠰᠡᠨ ᠬᠠᠷᠠᠯᠲᠠ ᠶᠢᠨ ᠣᠷᠴᠢᠮ ᠪᠠᠶᠢᠪᠠ᠃ ᠨᠡᠮᠡᠭᠳᠡᠯ ᠤᠨ ᠬᠡᠮᠵᠢᠶ᠎ᠡ ᠠᠴᠠ ᠦᠵᠡᠪᠡᠯ᠂ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ ᠬᠡᠳᠦᠶᠢᠪᠡᠷ ᠪᠠᠭᠠᠰᠤᠭᠰᠠᠨ ᠪᠤᠯᠪᠠᠴᠦ ᠭᠤᠷᠪᠠᠳᠤᠭᠠᠷ ᠤᠯᠠᠷᠢᠯ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢ ᠮᠥᠨ ᠯᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12934 ᠳ᠋ᠦᠩᠰᠢᠭᠤᠷ ᠲᠥᠭᠦᠷᠢᠭ ᠥᠨᠳᠥᠷ ᠪᠠᠶᠢᠪᠠ᠃      ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠬᠤ ᠳᠤ᠂ ᠤᠷᠤᠭᠰᠢ ᠠᠬᠢᠬᠤ ᠵᠣᠷᠢᠭ ᠢᠯᠡᠭᠦᠬᠡᠨ ᠳᠤ ᠪᠠᠨ ᠲᠠᠭᠠᠷᠠᠨ᠎ᠠ᠃ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ᠂ ᠦᠢᠯᠡᠴᠢᠯᠡᠭᠡᠨ ᠤ ᠦᠢᠯᠡᠰ ᠤᠨ GDP᠎ ᠳᠠᠬᠢ ᠡᠵᠡᠯᠡᠬᠦ ᠬᠤᠪᠢ ᠶᠢᠨ ᠵᠢᠩ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠴᠡᠭ ᠳᠡᠭᠡᠭᠰᠢᠯᠡᠵᠦ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ 53.9%᠎ ᠳᠤ ᠬᠦᠷᠪᠡ︔ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 10.0%᠎ ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠦᠬᠦ ᠪᠡᠯᠡ ᠣᠷᠣᠭᠤᠯᠤᠯᠲᠠ ᠠᠴᠠ 6.6 ᠵᠠᠭᠤᠨ ᠤ ᠴᠡᠭ ᠥᠨᠳᠥᠷᠵᠢᠵᠦ᠂ 7 ᠰᠠᠷ᠎ᠠ ᠳᠠᠷᠠᠭᠠᠯᠠᠨ ᠬᠤᠶᠠᠷ ᠣᠷᠣᠨᠲᠤ ᠲᠣᠭᠠᠨ ᠤ ᠨᠡᠮᠡᠭᠳᠡᠯ ᠢᠶᠠᠨ ᠪᠠᠲᠤᠯᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠪᠦᠷᠢᠯᠳᠦᠬᠦ ᠪᠠ ᠠᠵᠤ ᠠᠬᠤᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃      ᠬᠡᠯᠪᠡᠷᠢ ᠪᠠᠨ ᠬᠤᠪᠢᠷᠠᠭᠤᠯᠤᠨ ᠡᠪᠡᠷᠰᠢᠶᠡᠯ ᠢ ᠠᠷᠢᠯᠭᠠᠬᠤ ᠳᠤ ᠪᠠᠨ᠂ ᠢᠲᠡᠭᠡᠯ  ᠬᠦᠰᠡᠯ ᠢᠯᠡᠭᠦᠬᠡᠨ ᠪᠠᠶᠢᠬᠤ ᠳᠤ ᠪᠠᠨ ᠲᠠᠭᠠᠷᠠᠨ᠎ᠠ᠃ ᠲᠦᠷᠦᠭᠦᠤ ᠭᠤᠷᠪᠠᠨ ᠤᠯᠠᠷᠢᠯ ᠳᠤ᠂ ᠪᠡᠯᠡᠳᠬᠡᠮᠵᠢ ᠪᠠᠭᠠᠵᠢ ᠬᠡᠷᠡᠭᠰᠡᠯ ᠬᠤᠳᠠᠯᠳᠤᠨ ᠠᠪᠬᠤ ᠳᠤ ᠵᠠᠷᠤᠴᠠᠭᠤᠯᠤᠭᠰᠠᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠪᠡᠯᠡ ᠣᠷᠣᠭᠤᠯᠤᠯᠲᠠ ᠠᠴᠠ 13 ᠵᠠᠭᠤᠨ ᠤ ᠴᠡᠭ ᠢᠶᠠᠷ ᠥᠨᠳᠥᠷᠵᠢᠵᠦ᠂ ᠦᠢᠯᠡᠳᠬᠦ ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠶᠢᠨ ᠪᠡᠯᠡ ᠣᠷᠣᠭᠤᠯᠤᠯᠲᠠ 9.5%᠎ ᠪᠠᠷ ᠨᠡᠮᠡᠭᠳᠡᠪᠡ︔ ᠬᠤᠷᠠᠮᠠᠯ ᠴᠠᠬᠢᠯᠭᠠᠨ ᠬᠡᠯᠬᠢᠶ᠎ᠡ ᠶᠢ ᠦᠢᠯᠡᠳᠪᠦᠷᠢᠯᠡᠭᠰᠡᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 26%᠂ 22%᠎ ᠢᠶᠠᠷ ᠨᠡᠮᠡᠭᠳᠡᠪᠡ︔ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠦᠢᠯᠡᠳᠪᠦᠷᠢᠯᠡᠭᠰᠡᠨ ᠪᠠ ᠭᠠᠳᠠᠭᠠᠳᠤ ᠳᠤ ᠭᠠᠷᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 31.7%᠂ 12.5%᠎ ᠪᠠᠷ ᠨᠡᠮᠡᠭᠳᠡᠪᠡ ᠁ ᠡᠨᠡ ᠨᠢ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠲᠦᠷᠭᠡᠨ ᠰᠣᠯᠢᠭᠳᠠᠯ ᠤᠨ ᠬᠦᠴᠦᠲᠡᠢ ᠢᠯᠡᠷᠡᠯ ᠪᠠᠶᠢᠵᠤ᠂ ᠪᠢᠳᠡᠨ ᠢ ᠨᠡᠩ ᠲᠣᠭᠲᠠᠯ ᠬᠦᠴᠦᠨ ᠲᠠᠢ ᠪᠣᠯᠭᠠᠪᠠ᠃      ᠪᠦᠬᠦ ᠲᠠᠯ᠎ᠠ ᠠᠴᠠ ᠦᠵᠡᠬᠦ ᠳᠤ᠂ ᠰᠠᠶᠢᠨᠲᠠᠢ ᠪᠠ ᠰᠠᠭᠠᠷ ᠲᠠᠢ ᠭᠡᠬᠦ ᠬᠤᠶᠠᠷ ᠲᠠᠯ᠎ᠠ ᠲᠠᠢ︔ ᠬᠤᠶᠠᠷ ᠲᠠᠯ᠎ᠠ ᠠᠴᠠ ᠠᠵᠢᠬᠤ ᠨᠢ᠂ ᠦᠨᠡᠨ ᠳᠤ ᠪᠠᠨ ᠪᠦᠬᠦ ᠲᠠᠯ᠎ᠠ ᠶᠢ ᠬᠠᠮᠤᠷᠤᠭᠰᠠᠨ ᠪᠠᠶᠢᠳᠠᠭ᠃      ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠨᠢ ᠰᠠᠭᠤᠷᠢ ᠪᠠᠷ ᠰᠠᠶᠢᠨ᠂ ᠤᠶᠠᠨ ᠬᠠᠳᠠᠨ ᠴᠢᠨᠠᠷ ᠢᠶᠠᠷ ᠴᠢᠩᠭ᠎ᠠ᠂ ᠨᠢᠭᠤᠭᠳᠠᠮᠠᠯ ᠬᠦᠴᠦᠨ ᠢᠶᠠᠷ ᠶᠡᠭᠡ ᠵᠡᠷᠭᠡ ᠠᠰᠢᠭᠲᠠᠢ ᠨᠥᠬᠦᠴᠡᠯ ᠬᠤᠪᠢᠷᠠᠭᠰᠠᠨ ᠦᠭᠡᠢ ᠪᠠᠶᠢᠵᠤ᠂ ᠮᠠᠨ ᠤ ᠤᠯᠤᠰ ᠬᠡᠳᠦ ᠶᠡᠭᠡ ᠬᠡᠪᠴᠢᠶᠡᠵᠢᠯ ᠲᠠᠢ ᠵᠠᠬ᠎ᠠ ᠳᠡᠯᠭᠡᠭᠦᠷ ᠲᠠᠢ ᠪᠠᠶᠢᠵᠤ᠂ ᠠᠵᠤ ᠦᠢᠯᠡᠰ ᠤᠨ ᠲᠣᠭᠲᠠᠯᠴᠠᠭ᠎ᠠ ᠨᠢ ᠪᠦᠷᠢᠨ ᠪᠦᠲᠦᠨ᠂ ᠲᠥᠬᠦᠷᠵᠢᠭᠰᠡᠨ ᠴᠢᠳᠠᠪᠤᠷᠢ ᠪᠠᠷ ᠴᠢᠩᠭ᠎ᠠ᠂ ᠨᠡᠮᠡᠭᠳᠡᠯ ᠤᠨ ᠣᠷᠣᠨ ᠵᠠᠢ ᠶᠡᠭᠡ ᠵᠡᠷᠭᠡ ᠳᠠᠪᠠᠭᠤᠯᠢᠭ ᠮᠥᠨ ᠬᠦ ᠣᠷᠣᠰᠢᠭᠰᠠᠭᠠᠷ ᠪᠠᠶᠢᠨ᠎ᠠ᠃      ᠡᠭᠦᠨ ᠤ ᠬᠠᠮᠲᠤ᠂ ᠮᠠᠨ ᠤ ᠤᠯᠤᠰ ᠤᠨ ᠠᠵᠤ ᠠᠬᠤᠢ ᠶᠠᠭ ᠪᠦᠲᠦᠴᠡ ᠪᠠᠨ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠬᠥᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠠᠴᠠ ᠠᠪᠤᠭᠠᠳ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠬᠦᠷᠲᠡᠯ᠎ᠡ ᠦᠶᠡᠯᠡᠯ ᠤᠨ ᠴᠢᠨᠠᠷᠲᠠᠢ ᠪᠦᠲᠦᠴᠡ ᠶᠢᠨ ᠴᠢᠨᠠᠷᠲᠠᠢ ᠵᠥᠷᠢᠴᠡᠯ ᠬᠠᠷᠢᠯᠴᠠᠨ ᠰᠣᠯᠪᠢᠴᠠᠵᠤ᠂ ᠬᠡᠯᠪᠡᠷᠢ ᠶᠢᠨ ᠬᠤᠪᠢᠷᠠᠭᠤᠯᠤᠯᠲᠠ ᠶᠢᠨ ᠡᠪᠡᠷᠰᠢᠶᠡᠯ ᠠᠴᠠ ᠳᠠᠯᠳᠠᠯᠠᠵᠤ ᠴᠤ ᠴᠢᠳᠠᠬᠤ ᠦᠭᠡᠢ ᠲᠣᠭᠤᠷᠢᠨ ᠭᠠᠷᠴᠤ ᠴᠤ ᠴᠢᠳᠠᠬᠤ ᠦᠭᠡᠢ ᠪᠣᠯᠪᠠ᠃      ᠤᠯᠠᠮ ᠬᠦᠴᠢᠷᠳᠡᠯ ᠲᠠᠢ ᠴᠠᠭ ᠦᠶ᠎ᠡ ᠳᠤ ᠬᠦᠴᠢᠷ ᠪᠡᠷᠬᠡᠰᠢᠶᠡᠯ ᠢ ᠢᠯᠡᠨ ᠳᠠᠪᠠᠵᠤ᠂ ᠭᠡᠷᠡᠯ ᠭᠢᠯᠪᠠᠭ᠎ᠠ ᠪᠠᠨ ᠳᠠᠬᠢᠨᠲᠠ ᠰᠠᠴᠤᠷᠠᠭᠤᠯᠬᠤ ᠡᠷᠡᠰ ᠵᠣᠷᠢᠭ ᠪᠠ ᠢᠲᠡᠭᠡᠯ ᠵᠣᠷᠢᠭ ᠢᠶᠠᠨ ᠤᠯᠠᠮ ᠪᠠᠲᠤᠳᠬᠠᠵᠤ᠂ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠶᠠᠭᠠᠬᠢᠭᠰᠠᠨ ᠴᠤ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠠᠴᠠ ᠪᠣᠯᠵᠤ ᠬᠠᠭᠠᠰ ᠳᠤᠲᠠᠭᠤ ᠣᠷᠬᠢᠨ ᠤᠬᠤᠷᠢᠵᠤ᠂ ᠵᠠᠩᠰᠢᠯᠳᠤ ᠴᠢᠨᠠᠷᠲᠠᠢ ᠪᠠᠷ ᠪᠦᠳᠦᠭᠦᠯᠢᠭ ᠮᠠᠶ᠋ᠢᠭ ᠲᠡᠶᠢᠰᠢ ᠥᠷᠭᠡᠳᠬᠡᠬᠦ᠂ ᠳᠣᠣᠷ᠎ᠠ ᠦᠷ᠎ᠡ ᠠᠰᠢᠭᠲᠤ ᠬᠥᠭᠵᠢᠯᠲᠡ ᠶᠢ ᠬᠥᠭᠡᠭᠡᠴᠡᠯᠳᠦᠬᠦ ᠬᠠᠭᠤᠴᠢᠨ ᠵᠠᠮ ᠳᠤ ᠪᠠᠨ ᠪᠤᠴᠠᠵᠤ ᠪᠤᠯᠬᠤ ᠦᠭᠡᠢ᠃      ᠦᠨᠳᠦᠰᠦᠨ ᠠᠴᠠ ᠨᠢ ᠠᠪᠴᠤ ᠬᠡᠯᠡᠪᠡᠯ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠪᠣᠭᠤᠮᠢ︾᠎ ᠶᠢ ᠡᠪᠳᠡᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠣᠢ᠃      ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠳᠤ ᠪᠠᠶᠢᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠰᠢᠨ᠎ᠡ ᠬᠥᠳᠡᠯᠭᠡᠬᠦ ᠡᠨᠧᠷᠭᠢ ᠶᠢ ᠪᠣᠶᠢᠵᠢᠭᠤᠯᠬᠤ ᠬᠡᠷᠡᠭᠲᠡᠢ᠃      ᠡᠮᠦᠨᠡᠬᠡᠨ ᠨᠡᠶᠢᠲᠡᠯᠡᠭᠰᠡᠨ ︽2024 ᠣᠨ ᠤ ᠪᠥᠬᠦ ᠪᠥᠮᠪᠥᠷᠴᠡᠭ ᠤᠨ ᠰᠢᠨ᠎ᠡ ᠶᠢ ᠡᠭᠦᠳᠬᠦ ᠵᠢᠭᠠᠯᠲᠠ ᠲᠤᠭ᠎ᠠ ᠶᠢᠨ ᠮᠡᠳᠡᠭᠦᠯᠦᠯᠲᠡ︾᠎ ᠳᠤ ᠳᠤᠮᠳᠠᠳᠤ ᠤᠯᠤᠰ ᠪᠣᠯ 10 ᠵᠢᠯ ᠤᠨ ᠲᠤᠷᠰᠢ ᠰᠢᠨ᠎ᠡ ᠶᠢ ᠡᠭᠦᠳᠬᠦ ᠬᠦᠴᠦᠨ ᠢᠶᠠᠷ ᠬᠠᠮᠤᠭ ᠤᠨ ᠲᠦᠷᠭᠡᠨ ᠳᠡᠭᠡᠭᠰᠢᠯᠡᠭᠰᠡᠨ ᠠᠵᠤ ᠠᠬᠤᠢ ᠶᠢᠨ ᠴᠣᠭᠴᠠ ᠶᠢᠨ ᠨᠢᠭᠡ ᠪᠠᠶᠢᠵᠤ᠂ ᠰᠢᠨ᠎ᠡ ᠶᠢ ᠡᠭᠦᠳᠬᠦ ᠬᠥᠭᠵᠢᠯᠲᠡ ᠨᠢ ᠶᠠᠭ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠥᠷᠭᠡᠨ ᠠᠭᠤᠳᠠᠮ ᠢᠷᠡᠭᠡᠳᠦᠢ ᠶᠢ ᠢᠯᠡᠷᠡᠭᠦᠯᠵᠦ ᠪᠠᠶᠢᠨ᠎ᠠ ᠭᠡᠵᠡᠢ᠃      ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠠᠭ ᠪᠦᠷᠢᠮᠦᠰᠦᠨ ᠰᠠᠶᠢᠨ ᠬᠦᠴᠦᠷᠬᠡᠭᠵᠢᠭᠡ ᠦᠭᠡᠢ᠂ ᠤᠷᠤᠭᠰᠢᠯᠠᠬᠤ ᠦᠭᠡᠢ ᠪᠣᠯ ᠤᠬᠤᠷᠢᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠵᠠᠷᠢᠮ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠨᠢ ᠪᠤᠰᠤᠳ ᠬᠥᠮᠥᠨ ᠳᠤ ᠬᠢᠵᠠᠭᠠᠷᠯᠠᠭᠳᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠶᠢᠯᠠᠭᠰᠠᠨ ᠴᠢᠳᠠᠪᠤᠷᠢᠲᠠᠨ ᠬᠦᠷᠦᠯᠴᠡᠬᠦ ᠦᠭᠡᠢ ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠮᠣ ᠤᠯᠤᠰ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠳᠤ ᠡᠯ᠎ᠡ ᠵᠦᠢᠯ ᠤᠨ ᠬᠠᠷᠰᠢᠯᠠᠯ ᠳᠤ ᠤᠴᠠᠷᠠᠬᠤ ᠨᠢ ᠵᠠᠶᠢᠯᠠᠰᠢ ᠦᠭᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠨᠢᠭᠡ ᠯᠡ ᠳᠡᠭᠡᠷ᠎ᠡ ᠠᠮᠵᠢᠯᠲᠠ ᠳᠤ ᠬᠦᠷᠴᠦ ᠴᠢᠳᠠᠬᠤ ᠦᠭᠡᠢ᠂ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠪᠤᠢ ᠪᠣᠯᠭᠠᠬᠤ ᠳᠤ ᠤᠷᠲᠤ ᠬᠤᠭᠤᠴᠠᠭᠠᠨ ᠤ ᠪᠠᠷᠢᠮᠲᠠᠯᠠᠯ ᠤᠨ ᠶᠠᠪᠤᠴᠠ ᠪᠠᠶᠢᠬᠤ ᠬᠡᠷᠡᠭᠲᠡᠢ᠃      ᠶᠡᠷᠦᠩᠬᠡᠢ ᠱᠦᠵᠢ ᠰᠢ ᠶᠢᠨ ᠫᠢᠩ᠂ ︽ᠡᠷᠬᠡᠪᠰᠢ ᠪᠠᠴᠢᠮ ᠲᠤᠯᠭᠠᠮ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠪᠠ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠬᠡᠷᠡᠭᠲᠡᠢ︾ ᠭᠡᠵᠦ ᠴᠢᠬᠤᠯᠠᠴᠢᠯᠠᠪᠠ᠂ ᠡᠷᠳᠡᠮ ᠰᠢᠨᠵᠢᠯᠡᠭᠡᠨ ᠤ ᠠᠵᠢᠯᠲᠠᠳ ᠢ ︽︿ᠬᠥᠮᠥᠨ ᠤ ᠠᠮᠢᠳᠤᠷᠠᠯ ᠳᠤ ᠲᠡᠮᠡᠴᠡᠬᠦ ᠠᠵᠠ ᠳᠣᠬᠢᠶᠠᠯ ᠬᠡᠳᠦ ᠯᠡ ᠤᠳᠠᠭ᠎ᠠ ᠪᠠᠶᠢᠬᠤ ᠪᠣᠢ﹀ ᠭᠡᠬᠦ ᠡᠷᠴᠢ ᠵᠣᠷᠢᠭ ᠢᠶᠠᠷ ᠵᠣᠷᠢᠭᠲᠠᠢ ᠪᠠᠷ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠬᠡᠷᠡᠭᠲᠡᠢ︾ ᠭᠡᠵᠦ ᠵᠣᠷᠢᠭᠵᠢᠭᠤᠯᠪᠠ᠃      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ︽ᠲᠣᠭᠲᠠᠭᠠᠯ︾᠎ ᠳᠤ ︽ᠪᠥᠬᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠪᠠᠶᠢᠭᠤᠯᠤᠯ ᠲᠣᠭᠲᠠᠴᠠ ᠶᠢ ᠴᠣᠭᠴᠠᠯᠠᠬᠤ︾᠎ ᠶᠢ ᠳᠤᠷᠠᠳᠴᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠣᠭᠴᠠᠵᠢᠭᠤᠯᠤᠭᠰᠠᠨ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠠᠭ ᠱᠠᠯᠠᠪᠳᠠᠨ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ ᠪᠣᠢ᠃ ᠨᠢᠳᠤᠨᠤᠨ ᠤ ᠮᠠᠨ ᠤ ᠤᠯᠤᠰ ᠤᠨ R&D᠎ ᠤᠨ ᠰᠤᠳᠤᠯᠤᠨ ᠨᠡᠭᠡᠭᠡᠬᠦ ᠳᠤ ᠵᠠᠷᠤᠴᠠᠭᠤᠯᠤᠭᠰᠠᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 3.3 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠳᠡᠯᠡᠬᠡᠢ ᠶᠢᠨ ᠬᠤᠶᠠᠳᠤᠭᠠᠷ ᠲᠤ ᠵᠢᠭᠰᠠᠭᠠᠭᠳᠠᠪᠠ᠃      ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ᠰᠠᠨᠳᠤᠷᠴᠤ ᠪᠣᠯᠬᠤ ᠦᠭᠡᠢ ᠮᠥᠷᠲᠡᠭᠡᠨ ᠪᠠᠰᠠ ᠬᠦᠯᠢᠶᠡᠵᠦ ᠪᠣᠯᠬᠤ ᠦᠭᠡᠢ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠥᠬᠦᠷᠡᠰᠢ ᠦᠭᠡᠢ ᠪᠠᠷ ᠪᠠᠷᠢᠮᠲᠠᠯᠠᠪᠠᠯ ᠪᠢᠳᠡ ᠯᠠᠪᠲᠠᠢ ︽ᠪᠣᠭᠤᠮᠢ︾᠎ ᠶᠢᠨ ᠠᠰᠠᠭᠤᠳᠠᠯ ᠢ ᠰᠢᠪᠲᠤᠯᠵᠤ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠨ᠎ᠡ ᠭᠡᠳᠡᠭ ᠲᠤ ᠢᠲᠡᠭᠡᠵᠦ ᠪᠠᠶᠢᠨ᠎ᠠ᠃      ︽ᠶᠠᠪᠤᠬᠤ ᠵᠠᠮ ᠵᠥᠪ ᠪᠣᠯ ᠬᠤᠯᠠ ᠵᠠᠢ ᠠᠴᠠ ᠠᠶᠤᠬᠤ ᠦᠭᠡᠢ︾ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ