2024 ᠣᠨ ᠤ ᠣᠲᠤᠭ ᠬᠤᠰᠢᠭᠤᠨ ᠤ ᠤᠯᠠᠨ ᠤᠯᠤᠰ ᠤᠨ ᠤᠷᠢᠶᠠᠮᠠᠭ ᠵᠠᠮᠠᠭ ᠤᠨ ᠠᠵᠤ ᠦᠢᠯᠡᠰ ᠤᠨ ᠬᠥᠭᠵᠢᠯᠲᠡ ᠶᠢᠨ ᠬᠤᠷᠠᠯ ᠵᠢᠴᠢ ᠳᠥᠷᠪᠡᠳᠤᠭᠡᠷ ᠬᠤᠭᠤᠴᠠᠭᠠᠨ ᠤ ︽ᠳᠤᠮᠳᠠᠲᠤ ᠡᠸᠦ᠋ᠷᠣᠫᠠ ᠶᠢᠨ ᠭᠠᠵᠠᠷ ᠵᠦᠢ ᠶᠢᠨ ᠢᠯᠡᠷᠭᠡᠶᠢᠯᠡᠯᠲᠦ ᠪᠦᠳᠦᠭᠡᠭᠳᠡᠭᠦᠨ ᠤ ᠬᠡᠯᠡᠯᠴᠡᠭᠡᠷ︾ ᠢ ᠬᠠᠷᠢᠯᠴᠠᠨ ᠮᠡᠳᠡᠷᠡᠬᠦ ᠪᠦᠲᠦᠭᠡᠭᠳᠡᠭᠦᠨ ᠤ ᠨᠡᠷᠡᠲᠤ ᠲᠡᠮᠲᠡᠭᠲᠦ ᠶᠢ ᠨᠡᠶᠢᠲᠡᠯᠡᠬᠦ ᠬᠤᠷᠠᠯ ᠡᠬᠢᠯᠡᠯ᠎ᠡ
ᠨᠡᠶᠢᠲᠡᠯᠡᠭᠰᠡᠨ ᠴᠠᠭ᠄
2024/11/15
     11 ᠰᠠᠷ᠎ᠠ ᠶᠢᠨ 15 ᠤ ᠡᠳᠤᠷ ᠤᠨ ᠦᠳᠡ ᠶᠢᠨ ᠡᠮᠤᠨ᠎ᠡ᠂ ︽ᠮᠢᠨᠳᠡᠰᠤᠨ ᠰᠢᠷᠬᠡᠭ ᠢᠶᠠᠷ ᠳᠠᠯᠡᠬᠡᠢ ᠶᠢ ᠲᠤᠯᠠᠭᠠᠴᠠᠭᠤᠯᠵᠤ᠂ ᠢᠮᠠᠭᠠᠨ ᠮᠢᠬ᠎ᠠ ᠪᠠᠷ ᠶᠢᠷᠲᠢᠨᠴᠤ ᠳᠤ ᠲᠠᠨᠢᠭᠳᠠᠵᠤ᠂ ᠤᠷᠢᠶᠠᠮᠠᠭ ᠵᠠᠮᠠᠭ ᠢᠶᠠᠷ ᠣᠷᠴᠢᠯᠠᠩ ᠳᠤ ᠮᠡᠳᠡᠷᠡᠭᠳᠡᠬᠦ︾ 2024 ᠣᠨ ᠤ ᠣᠲᠤᠭ ᠬᠤᠰᠢᠭᠤᠨ ᠤ ᠤᠯᠠᠨ ᠤᠯᠤᠰ ᠤᠨ ᠤᠷᠢᠶᠠᠮᠠᠭ ᠵᠠᠮᠠᠭ ᠤᠨ ᠠᠵᠤ ᠣᠶᠢᠯᠠᠰ ᠤᠨ ᠬᠦᠭᠵᠢᠯᠲᠠ ᠶᠢᠨ ᠬᠤᠷᠠᠯ ᠵᠢᠴᠢ ᠲᠥᠷᠪᠡᠳᠦᠭᠡᠷ ᠬᠤᠭᠤᠴᠠᠭᠠᠨ ᠤ ︽ᠳᠤᠮᠳᠠᠲᠤ ᠡᠸᠦ᠋ᠷᠤᠫᠠ ᠶᠢᠨ ᠭᠠᠵᠠᠷ ᠵᠦᠢ ᠶᠢᠨ ᠢᠯᠡᠷᠭᠡᠶᠢᠯᠡᠯᠲᠦ ᠪᠦᠲᠦᠭᠡᠭᠳᠡᠭᠦᠨ ᠤ ᠬᠡᠯᠡᠯᠴᠡᠭᠡᠷ︾ ᠢ ᠬᠠᠷᠢᠯᠴᠡᠨ ᠮᠡᠳᠡᠷᠡᠬᠦ ᠪᠦᠲᠦᠭᠡᠭᠳᠡᠭᠦᠨ ᠤ ᠨᠡᠷᠡᠲᠤ ᠲᠡᠮᠳᠡᠭᠲᠣ ᠶᠢ ᠨᠡᠶᠢᠲᠡᠯᠡᠬᠦ ᠬᠤᠷᠠᠯ ᠤᠳᠤᠭ ᠬᠤᠰᠢᠭᠤᠨ ᠤ ᠶᠡᠷᠤᠩᠬᠡᠶᠢᠯᠡᠭᠰᠡᠨ ᠭᠠᠵᠠᠷ ᠰᠢᠨᠵᠢᠯᠡᠭᠡᠨ ᠤ ᠮᠦᠽᠧᠢ ᠳᠤ ᠡᠬᠢᠯᠡᠯ᠎ᠡ᠃      ᠬᠤᠷᠠᠯ ᠳᠤ ᠳᠡᠯᠡᠬᠡᠢ ᠶᠢᠨ ᠪᠠ ᠤᠯᠤᠰ ᠤᠨ ᠵᠠᠭᠤ ᠭᠠᠷᠤᠢ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠠᠩ ᠵᠢᠴᠢ ᠠᠵᠤ ᠠᠬᠤᠶᠢᠢᠯᠡᠯ ᠤᠨ ᠲᠤᠰᠬᠠᠢ ᠮᠡᠷᠭᠡᠵᠢᠯᠲᠠᠨ ᠡᠷᠳᠡᠮᠲᠠᠳ ᠬᠤᠷᠠᠨ ᠴᠤᠭᠯᠠᠷᠠᠵᠤ᠂ ᠪᠥᠬᠦ ᠲᠠᠯ᠎ᠠ ᠶᠢᠨ ᠰᠤᠯᠢᠯᠴᠠᠭ᠎ᠠ ᠶᠢ ᠦᠷᠨᠢᠭᠦᠯᠵᠤ᠂ ᠭᠦᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ ᠪᠣᠯᠣᠨ᠎ᠠ᠃     ᠬᠤᠷᠠᠯ ᠨᠢ 11 ᠰᠠᠷ᠎ᠠ ᠶᠢᠨ 16  ᠤ ᠡᠳᠦᠷ ᠪᠣᠯᠳᠠᠯ᠎ᠠ ᠶᠠᠪᠤᠭᠳᠠᠵᠤ᠂ ᠬᠤᠷᠠᠯ ᠤᠨ ᠬᠤᠭᠤᠴᠠᠭᠠᠨ ᠳᠤ ᠣᠲᠤᠭ ᠬᠤᠰᠢᠭᠤᠨ ᠤ ᠨᠡᠷᠡᠲᠤ ᠰᠢᠯᠢᠳᠡᠭ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠳᠡᠯᠭᠡᠨ ᠪᠣᠷᠣᠯᠠᠭᠤᠯᠬᠤ ᠬᠤᠷᠠᠯ᠂ ᠳᠠᠯᠡᠭᠡᠢ ᠶᠢᠨ ᠤᠷᠢᠶᠠᠮᠠᠭ ᠵᠠᠮᠠᠭ ᠤᠨ ᠠᠵᠤ ᠣᠶᠢᠯᠠᠰ ᠤᠨ ᠬᠥᠭᠵᠢᠯᠲᠠ ᠶᠢᠨ ᠭᠤᠣᠯ ᠰᠡᠳᠤᠪᠲᠤ ᠶᠠᠷᠢᠯᠴᠠᠭᠠᠨ ᠤ ᠬᠤᠷᠠᠯ ᠪᠣᠯᠣᠨ ᠳᠠᠯᠡᠬᠡᠢ ᠶᠢᠨ ᠤᠷᠢᠶᠠᠮᠠᠭ ᠵᠠᠮᠠᠭ ᠤᠨ ᠠᠵᠤ ᠣᠢᠯᠡᠰ ᠤᠨ ᠬᠦᠭᠵᠢᠯᠲᠠ ᠶᠢᠨ ᠲᠤᠬᠠᠢ ᠰᠤᠳᠤᠯᠤᠨ ᠶᠠᠷᠢᠯᠴᠠᠬᠤ ᠬᠤᠷᠠᠯ᠂ ᠠᠷᠪᠡᠰ ᠤᠨ ᠢᠮᠠᠭᠠᠨ ᠤ ᠨᠣᠤᠯᠤᠭᠤᠷ ᠪᠠ ᠮᠢᠬᠠᠨ ᠤ ᠠᠵᠤ ᠣᠶᠢᠯᠠᠰ ᠤᠨ ᠲᠠᠨᠢᠯᠴᠠᠭᠤᠯᠭ᠎ᠠ ᠵᠢᠴᠢ ᠪᠤᠷᠣᠯᠠᠭᠤᠯᠭ᠎ᠠ ᠶᠢᠨ ᠬᠤᠳᠠᠯᠳᠤᠭᠠᠴᠢᠳ ᠤᠨ ᠵᠥᠪᠳᠡᠯᠴᠡᠭᠡᠨ ᠤ ᠬᠤᠷᠠᠯ᠂ ᠠᠷᠪᠡᠰ ᠤᠨ ᠢᠮᠠᠭᠠᠨ ᠮᠢᠬᠠᠨ ᠤ ᠠᠮᠲᠠᠲᠤ ᠢᠳᠡᠭᠡᠨ ᠤ ᠨᠡᠶᠢᠷ᠂ ᠣᠳᠤᠭ ᠬᠤᠰᠢᠭᠤᠨ ᠤ ᠤᠷᠢᠶᠠᠮᠠᠭ ᠵᠠᠮᠠᠭ ᠤᠨ ᠠᠵᠤ ᠣᠢᠯᠡᠰ ᠤᠨ ᠬᠥᠭᠵᠢᠯᠲᠠ ᠶᠢ ᠰᠢᠨᠵᠢᠯᠠᠨ ᠪᠠᠶᠢᠴᠠᠭᠠᠬᠤ ᠵᠢᠴᠢ ᠵᠢᠯᠣᠭᠤᠳᠬᠤ ᠵᠡᠷᠭᠡ ᠠᠵᠢᠯᠯᠠᠭ᠎ᠠ ᠦᠷᠨᠢᠭᠦᠯᠬᠦ ᠪᠣᠯᠣᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ