ᠣᠷᠳᠣᠰ ᠬᠤᠲᠠ ᠶᠢᠨ ᠤᠯᠠᠭᠠᠠᠮᠦ᠋ᠴᠢᠷ ᠤᠨ ᠬᠡᠰᠢᠭᠦᠨ ᠰᠣᠶᠣᠯ ᠪᠠ ᠵᠢᠭᠤᠯᠴᠢᠯᠠᠯ ᠤᠨ ᠶᠠᠮᠤᠨ ᠤ ᠲᠡᠳᠬᠦᠨ ᠳᠡᠮᠵᠢᠬᠦ ᠲᠥᠯᠥᠪᠯᠡᠭᠡ ᠳᠤ ᠰᠤᠩᠭᠤᠭᠳᠠᠪᠠ
ᠨᠡᠶᠢᠲᠡᠯᠡᠭᠰᠡᠨ ᠴᠠᠭ᠄
2024/11/20
    11ᠰᠠᠷ᠎ᠠ ᠶᠢᠨ 15᠎ ᠤ ᠡᠳᠦᠷ᠂ ᠰᠣᠶᠣᠯ ᠪᠠ ᠵᠢᠭᠤᠯᠴᠢᠯᠠᠯ ᠤᠨ ᠶᠠᠮᠤᠨ ᠤ ᠤᠷᠠᠯᠢᠭ ᠤᠨ ᠵᠤᠷᠭᠠᠨ ᠠᠴᠠ ︽ᠪᠥᠬᠦ ᠤᠯᠤᠰ ᠤᠨ ᠲᠠᠶᠢᠰᠠᠨ ᠤ ᠤᠷᠠᠯᠢᠭ ᠤᠨ ᠰᠢᠯᠢᠳᠡᠭ ᠫᠷᠣᠭ᠍ᠷᠠᠮ ᠵᠣᠬᠢᠶᠠᠨ ᠪᠦᠲᠦᠭᠡᠬᠦ ᠶᠢ ᠲᠡᠳᠬᠦᠨ ᠳᠡᠮᠵᠢᠬᠦ ᠲᠥᠯᠥᠪᠯᠡᠭᠡ︾᠎ ᠶᠢᠨ 2025 ᠣᠨ ᠤ ︽ᠬᠥᠮᠥᠨ ᠢᠶᠠᠷ ᠰᠢ ᠵᠦᠴᠦᠭᠡ ᠶᠢ ᠳᠠᠭᠠᠭᠤᠯᠬᠤ︾ ᠬᠠᠪᠰᠤᠷᠤᠨ ᠵᠢᠯᠥᠭᠤᠳᠬᠤ ᠲᠥᠷᠥᠯ ᠵᠦᠢᠯ ᠳᠤ ᠰᠤᠩᠭᠤᠭᠳᠠᠭᠰᠠᠨ ᠬᠥᠮᠥᠰ ᠤᠨ ᠨᠡᠷᠡᠰ ᠢ ᠨᠡᠶᠢᠲᠡᠯᠡᠵᠦ᠂ ᠣᠷᠳᠣᠰ ᠬᠤᠲᠠ ᠶᠢᠨ ᠤᠯᠠᠭᠠᠠᠮᠦ᠋ᠴᠢᠷ ᠤᠨ ᠬᠡᠰᠢᠭᠦᠨ ᠬᠤᠷᠸ᠎ᠠ ︽ᠬᠦᠰᠡᠯ᠂ ᠢᠷᠡᠭᠡᠳᠦᠢ ᠪᠠᠨ ᠴᠣᠭᠴᠠᠯᠠᠶ᠎ᠠ︾ ᠱᠤᠭ ᠵᠦᠴᠦᠭᠡ ᠪᠠᠷ ᠢᠶᠠᠨ ᠲᠣᠰ ᠲᠡᠳᠬᠦᠨ ᠳᠡᠮᠵᠢᠬᠦ ᠲᠥᠯᠥᠪᠯᠡᠭᠡ ᠳᠤ ᠠᠮᠵᠢᠯᠲᠠ ᠲᠠᠢ ᠰᠤᠩᠭᠤᠭᠳᠠᠪᠠ᠃
  
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ