ᠤᠷᠳᠤᠰ ᠵᠠᠰᠠᠭ ᠠᠯᠪᠠᠨ ᠲᠠᠷᠬᠠᠭᠠᠭᠰᠠᠨ ﹇2024﹈ 51 ᠳ᠋ᠦ᠋ᠭᠡᠷ ᠲᠤᠭᠠᠳᠤ | ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠢ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠣᠷᠳᠣᠰ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 — 2026 ᠣᠨ︶︾ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 2024 ᠣᠨ ᠤ 11 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | ᠣᠷᠳᠣᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 6 ᠳ᠋ᠤᠭᠠᠷ ᠰᠠᠷ᠎ᠠ ᠶᠢᠨ 14 ᠤ ᠡᠳᠦᠷ | | | ᠣᠷᠳᠣᠰ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 — 2026 ᠣᠨ︶ | ᠨᠢᠭᠡᠳᠦᠭᠡᠷ ᠠᠵᠤ ᠦᠢᠯᠡᠰ ᠢ ᠳᠠᠬᠢᠨ ᠴᠤᠭᠴᠠᠯᠠᠬᠤ ᠶᠢ ᠲᠦᠷᠭᠡᠳᠬᠡᠨ ᠠᠬᠢᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ ᠶᠢ ᠬᠦᠴᠦᠯᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠲᠥᠷᠥᠯ ᠲᠡᠮᠳᠡᠭᠲᠦ ᠶᠢᠨ ᠳᠠᠪᠠᠭᠤᠯᠢᠭ ᠢ ᠪᠥᠬᠦ ᠲᠠᠯ᠎ᠠ ᠪᠠᠷ ᠳᠠᠬᠢᠨ ᠱᠤᠭᠤᠵᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠦᠢᠯᠡᠳᠭᠦᠨ ᠢ ᠡᠵᠡᠩᠨᠡᠨ ᠪᠣᠷᠣᠯᠠᠭᠤᠯᠵᠤ ᠭᠠᠳᠠᠭᠰᠢ ᠭᠠᠷᠭᠠᠬᠤ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ | ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠴᠦᠷᠬᠡᠭ ᠬᠤᠲᠠ ᠶᠢᠨ ᠰᠠᠭᠤᠷᠢ ᠶᠢ ᠲᠠᠰᠤᠷᠠᠯᠲᠠ ᠦᠭᠡᠢ | ᠪᠠᠲᠤᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ | ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠴᠢᠨᠠᠷ ᠰᠠᠶᠢᠲᠠᠢ ᠪᠦᠲᠦᠭᠡᠨ | ᠪᠠᠶᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠦᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ ᠭᠤᠣᠯ ᠰᠢᠵᠢᠮ ᠢ ᠪᠠᠲᠤ ᠡᠵᠡᠮᠰᠢᠵᠦ᠂ ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠲᠥᠷᠥᠯ ᠲᠡᠮᠳᠡᠭᠲᠦ ᠶᠢ ᠪᠠᠶᠢᠭᠤᠯᠬᠤ᠂ ᠡᠵᠡᠩᠨᠡᠨ | ᠪᠣᠷᠤᠯᠠᠭᠤᠯᠤᠯᠲᠠ ᠶᠢ ᠠᠳᠬᠤᠬᠤ᠂ ᠠᠷᠭ᠎ᠠ ᠵᠠᠮ ᠢ ᠠᠩᠬᠠᠷᠬᠤ᠂ ᠶᠠᠰᠤ ᠴᠢᠨᠠᠷ ᠢ ᠪᠠᠲᠤᠯᠠᠬᠤ᠂ ᠦᠷ᠎ᠡ ᠠᠰᠢᠭ ᠢ ᠨᠡᠮᠡᠭᠳᠡᠭᠦᠯᠬᠦ ᠶᠢᠨ ᠲᠣᠭᠤᠷᠢᠨ ᠳᠤ᠂ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠲᠥᠷᠥᠯ ᠲᠡᠮᠳᠡᠭᠲᠦ ᠶᠢᠨ ᠡᠵᠡᠩᠨᠡᠨ ᠪᠣᠷᠣᠯᠠᠭᠤᠯᠬᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠲᠠᠷᠢᠶᠠᠯᠠᠩ ᠮᠠᠯ | ᠠᠵᠤ ᠠᠬᠤᠢ ᠶᠢᠨ ︽ᠭᠠᠷᠤᠯᠲᠠ ᠶᠢᠨ ᠬᠡᠮᠵᠢᠶ᠎ᠡ ᠨᠢ ᠶᠡᠭᠡ ᠪᠣᠯᠪᠠᠴᠤ ᠠᠵᠤ ᠦᠢᠯᠡᠰ ᠨᠢ ᠬᠦᠷᠦᠯᠴᠡᠬᠦ ᠦᠭᠡᠢ᠂ ᠶᠠᠰᠤ ᠴᠢᠨᠠᠷ ᠨᠢ ᠰᠠᠶᠢᠨ ᠪᠣᠯᠪᠠᠴᠤ ᠲᠥᠷᠥᠯ | ᠲᠡᠮᠳᠡᠭᠲᠦ ᠨᠢ ᠬᠦᠷᠦᠯᠴᠡᠬᠦ ᠦᠭᠡᠢ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠳᠤᠯᠠᠭᠠᠨ ᠬᠤᠲᠠ ᠶᠢᠨ ᠲᠠᠩᠰᠤᠭ ᠠᠮᠲᠠ︾ ᠶᠢ ᠠᠯᠬᠤᠮ | ᠠᠯᠬᠤᠮ ᠢᠶᠠᠷ ᠨᠡᠯᠢᠶᠡᠳ ᠥᠨᠳᠥᠷ ᠠᠯᠳᠠᠷᠰᠢᠯ ᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠲᠥᠷᠥᠯ ᠲᠡᠮᠳᠡᠭᠲᠦ ᠪᠣᠯᠭᠠᠨ ᠪᠦᠲᠦᠭᠡᠨ ᠪᠠᠶᠢᠭᠤᠯᠤᠨ᠎ᠠ᠃ | 2026 ᠣᠨ ᠪᠣᠯᠬᠤ ᠳᠤ᠂ ᠬᠤᠰᠢᠭᠤ ᠲᠣᠭᠤᠷᠢᠭ ᠲᠤ ᠳᠠᠩ ᠲᠥᠷᠥᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠲᠡᠭᠲᠦ ᠶᠢ | 18 ᠠᠴᠠ ᠳᠡᠭᠡᠭᠰᠢ ᠪᠠᠶᠢᠭᠤᠯᠵᠤ᠂ ᠤᠯᠤᠰ ᠤᠨ ᠭᠠᠵᠠᠷ ᠵᠦᠢ ᠶᠢᠨ ᠲᠡᠮᠳᠡᠭᠲᠦ ᠶᠢᠨ ᠬᠠᠮᠠᠭᠠᠯᠠᠯᠲᠠ ᠶᠢᠨ ᠪᠦᠲᠦᠭᠡᠭᠳᠡᠬᠦᠨ ᠢ 30 ᠪᠣᠯᠭᠠᠨ ᠨᠡᠮᠡᠭᠳᠡᠭᠦᠯᠵᠦ᠂ | ᠪᠣᠬᠢᠷᠲᠤᠯ ᠦᠭᠡᠢ ᠢᠳᠡᠭᠡᠨ ᠢ 280 ᠪᠣᠯᠭᠠᠨ ᠨᠡᠮᠡᠭᠳᠡᠭᠦᠯᠵᠦ᠂ ᠨᠠᠷᠠᠲᠤ ᠣᠨᠴᠠᠯᠢᠭᠲᠤ ᠰᠢᠯᠢᠳᠡᠭ ᠰᠢᠨ᠎ᠡ ᠪᠦᠲᠦᠭᠡᠭᠳᠡᠬᠦᠨ ᠢ 100 ᠪᠣᠯᠭᠠᠨ ᠨᠡᠮᠡᠭᠳᠡᠭᠦᠯᠵᠦ᠂ ᠡᠷᠬᠡ | ᠣᠯᠭᠤᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠪᠣᠷᠤᠯᠠᠭᠤᠯᠭ᠎ᠠ ᠶᠢᠨ ᠬᠡᠮᠵᠢᠶ᠎ᠡ ᠶᠢ 30% ᠠᠴᠠ ᠳᠡᠭᠡᠭᠰᠢ ᠨᠡᠮᠡᠭᠳᠡᠭᠦᠯᠵᠦ᠂ ︽ᠥᠪᠥᠷ | ᠮᠣᠩᠭᠤᠯ︾ ᠦᠰᠦᠭᠲᠦ ᠪᠠᠷ ᠰᠣᠩᠭᠤᠭᠳᠠᠭᠰᠠᠨ ᠦᠢᠯᠡᠳᠭᠦᠨ ᠢ 14 ᠪᠣᠯᠭᠠᠵᠤ᠂ ︽ᠠᠷᠪᠠᠰ︾ ᠤᠨ ᠨᠣᠣᠯᠤᠭᠤᠷ ᠵᠡᠷᠭᠡ ᠳᠡᠯᠡᠬᠡᠢ ᠳᠤ ᠨᠥᠯᠥᠭᠡᠯᠡᠬᠦ ᠬᠦᠴᠦᠨ ᠲᠠᠢ | ᠨᠠᠷᠠᠲᠤ ᠲᠥᠷᠥᠯ ᠲᠡᠮᠳᠡᠭᠲᠦ ᠶᠢ 1 ᠠᠴᠠ 2᠂ ᠤᠯᠤᠰ ᠤᠨ ᠳᠣᠲᠣᠭᠠᠳᠤ ᠶᠢᠨ ᠨᠠᠷᠠᠲᠤ ᠲᠥᠷᠥᠯ ᠲᠡᠮᠳᠡᠭᠲᠦ ᠶᠢ 5᠂ ᠥᠪᠡᠷᠲᠡᠭᠡᠨ ᠵᠠᠰᠠᠬᠤ ᠣᠷᠣᠨ ᠤ ᠨᠠᠷᠠᠲᠤ | ᠲᠥᠷᠥᠯ ᠲᠡᠮᠳᠡᠭᠲᠦ ᠶᠢ 10 ᠪᠣᠶ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠭᠠᠷᠤᠯᠲᠠ ᠬᠢᠭᠡᠳ ᠦᠢᠯᠡᠳᠬᠦᠨ ᠤ ᠥᠷᠲᠡᠭ ᠢ ᠵᠡᠷᠭᠡᠪᠡᠷ ᠬᠥᠭᠵᠢᠭᠦᠯᠵᠦ᠂ | ᠶᠠᠰᠤ ᠴᠢᠨᠠᠷ ᠬᠢᠭᠡᠳ ᠲᠥᠷᠥᠯ ᠲᠡᠮᠳᠡᠭᠲᠦ ᠶᠢ ᠵᠡᠷᠭᠡᠪᠡᠷ ᠳᠡᠭᠡᠭᠰᠢᠯᠡᠭᠦᠯᠦᠨ᠎ᠡ᠃ | ᠬᠤᠶᠠᠷ᠂ ᠭᠤᠣᠯ ᠡᠭᠦᠷᠭᠡ | ︵ᠨᠢᠭᠡ︶ ᠲᠥᠷᠥᠯ ᠲᠡᠮᠳᠡᠭᠲᠦ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ | 1. ᠲᠥᠷᠥᠯ ᠲᠡᠮᠳᠡᠭᠲᠦ ᠶᠢᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠵᠢᠷᠤᠮᠵᠢᠭᠤᠯᠤᠨ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ᠂ ᠠᠵᠤ ᠠᠬᠤᠶᠢᠯᠠᠯ ᠤᠨ ᠦᠢᠯᠡᠳᠬᠦᠨ ᠤ ᠲᠥᠷᠥᠯ ᠲᠡᠮᠳᠡᠭᠲᠦ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︽ | ᠳᠤᠯᠠᠭᠠᠨ ᠬᠤᠲᠠ ᠶᠢᠨ ᠲᠠᠩᠰᠤᠭ ᠠᠮᠲᠠ︾ ᠶᠢᠨ ᠡᠷᠬᠡ ᠣᠯᠭᠤᠨ ᠬᠠᠮᠢᠶᠠᠷᠬᠤ᠂ ᠶᠠᠰᠤ ᠴᠢᠨᠠᠷ ᠢ ᠬᠠᠮᠢᠶᠠᠷᠤᠨ ᠡᠵᠡᠮᠳᠡᠬᠦ᠂ ᠶᠡᠷᠦᠩᠬᠡᠶᠢᠯᠡᠭᠰᠡᠨ ᠦᠢᠯᠡᠴᠢᠯᠡᠭᠡᠨ ᠤ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠡᠷᠬᠡ ᠣᠯᠭᠤᠭᠰᠠᠨ ᠠᠵᠤ ᠠᠬᠤᠶᠢᠯᠠᠯ ᠪᠠ ᠦᠢᠯᠡᠳᠬᠦᠨ ᠤ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠵᠠᠬ᠎ᠠ ᠳᠡᠯᠭᠡᠭᠦᠷ ᠤᠨ | ᠢᠯᠭᠠᠨ ᠲᠠᠨᠢᠬᠤ ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠲᠥᠷᠥᠯ ᠲᠡᠮᠳᠡᠭᠲᠦ ᠶᠢᠨ | ᠠᠯᠳᠠᠷᠰᠢᠯ ᠪᠠ ᠬᠡᠷᠡᠭᠯᠡᠭᠴᠢᠳ ᠤᠨ ᠢᠲᠡᠭᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠰᠢᠭᠤ ᠲᠣᠭᠤᠷᠢᠭ ᠤᠨ ᠤᠯᠤᠰ ᠤᠨ ᠭᠠᠵᠠᠷ ᠵᠦᠢ ᠶᠢᠨ ᠲᠡᠮᠲᠡᠭᠲᠦ ᠶᠢᠨ | ᠬᠠᠮᠠᠭᠠᠯᠠᠯᠲᠠ ᠶᠢᠨ ᠪᠦᠲᠦᠭᠡᠭᠳᠡᠬᠦᠨ ᠢᠶᠠᠷ ᠮᠡᠳᠡᠭᠦᠯᠬᠦ ᠶᠢ ᠳᠡᠮᠵᠢᠵᠦ᠂ ᠲᠠᠩ ᠲᠥᠷᠥᠯ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢ | ᠡᠭᠦᠳᠴᠦ᠂ ᠣᠷᠳᠣᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ | ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠵᠡᠷᠭᠡ ᠲᠠᠰ᠂ ᠶᠠᠰᠤ ᠴᠢᠨᠠᠷ ᠵᠢᠴᠢ ᠬᠠᠮᠢᠶ᠎ᠠ | ᠪᠦᠬᠦᠢ ᠣᠷᠴᠢᠨ ᠲᠣᠭᠤᠷᠢᠨ ᠠᠭᠤᠷ ᠠᠮᠢᠰᠬᠤᠯ ᠤᠨ ᠭᠡᠷᠡᠴᠢᠯᠡᠭᠡ ᠶᠢ ᠥᠷᠨᠢᠭᠦᠯᠦᠨ᠎ᠡ᠃ ᠲᠥᠷᠥᠯ ᠲᠡᠮᠳᠡᠭᠲᠦ ᠶᠢ ᠬᠠᠮᠠᠭᠠᠯᠠᠬᠤ ᠲᠤᠰᠬᠠᠢ ᠮᠡᠷᠭᠡᠵᠢᠯ ᠤᠨ | ᠮᠡᠳᠡᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠲᠠᠸᠠᠷ ᠤᠨ ᠲᠡᠮᠲᠡᠭᠲᠦ᠂ ᠲᠥᠷᠥᠯ ᠲᠡᠮᠳᠡᠭᠲᠦ ᠶᠢ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ | ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠲᠥᠷᠥᠯ ᠲᠡᠮᠳᠡᠭᠲᠦ ᠦᠢᠯᠡᠳᠭᠦᠨ᠂ ᠮᠥᠷᠳᠡᠬᠦ ᠴᠢᠨᠠᠷᠲᠠᠢ ᠪᠠ ᠵᠠᠬ᠎ᠠ ᠳᠡᠯᠭᠡᠭᠦᠷ ᠤᠨ ᠬᠡᠷᠡᠭᠯᠡᠭᠡᠨ ᠤ | ᠡᠷᠬᠡ ᠠᠰᠢᠭ ᠤᠨ ᠴᠢᠨᠠᠷᠲᠠᠢ ᠪᠠᠲᠤᠯᠠᠭ᠎ᠠ ᠵᠡᠷᠭᠡ ᠶᠢ ᠪᠥᠬᠦ ᠶᠠᠪᠤᠴᠠ ᠪᠠᠷ ᠬᠢᠨᠠᠨ ᠬᠠᠮᠢᠶᠠᠷᠤᠨ᠎ᠠ᠃ ᠣᠷᠣᠨ ᠪᠦᠰᠡ ᠪᠠ ᠰᠠᠯᠠᠭ᠎ᠠ ᠮᠥᠴᠢᠷ ᠠᠯᠤᠰᠯᠠᠭᠰᠠᠨ ᠲᠥᠷᠥᠯ | ᠲᠡᠮᠳᠡᠭᠲᠦ ᠶᠢᠨ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠵᠤ᠂ ᠲᠥᠷᠥᠯ ᠲᠡᠮᠳᠡᠭᠲᠦ ᠶᠢᠨ ᠶᠠᠰᠤ ᠴᠢᠨᠠᠷ᠂ ᠢᠲᠡᠭᠡᠯ | ᠬᠦᠨᠳᠦ ᠪᠠ ᠳᠦᠷᠢ ᠲᠥᠷᠬᠦ ᠶᠢ ᠬᠠᠮᠠᠭᠠᠯᠠᠨ᠎ᠠ᠃ ︵ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠡᠯ᠎ᠡ ᠬᠤᠰᠢᠭᠤ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠳᠣᠣᠷᠠᠬᠢ ᠡᠭᠦᠷᠭᠡ ᠨᠦᠭᠦᠳ ᠴᠥᠮ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ | ᠬᠤᠯᠪᠤᠭᠳᠠᠬᠤ ᠲᠤᠯᠠ ᠳᠠᠭᠢᠵᠤ ᠠᠰ ᠲᠤᠨᠢ ᠵᠢᠭᠰᠠᠭᠠᠬᠤ ᠦᠭᠡᠢ︶ | 2. ᠲᠥᠷᠥᠯ ᠲᠡᠮᠳᠡᠭᠲᠦ ᠶᠢᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠬᠤᠰᠢᠭᠤ ᠲᠣᠭᠤᠷᠢᠭ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠶᠢ | ᠬᠥᠲᠥᠯᠥᠨ ᠵᠢᠯᠤᠭᠤᠳᠬᠤ ᠪᠠ ᠳᠡᠮᠵᠢᠵᠦ ᠪᠠᠶᠢᠭᠠᠳ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ᠂ ᠤᠯᠤᠰ ᠤᠨ ᠭᠠᠵᠠᠷ ᠵᠦᠢ ᠶᠢᠨ | ᠲᠡᠮᠲᠡᠭᠲᠦ ᠶᠢᠨ ᠬᠠᠮᠠᠭᠠᠯᠠᠯᠲᠠ ᠶᠢᠨ ᠪᠦᠲᠦᠭᠡᠭᠳᠡᠬᠦᠨ ᠢ ᠪᠣᠶᠢᠵᠢᠭᠤᠯᠤᠨ᠎ᠠ᠃ ᠠᠵᠤ ᠠᠬᠤᠶᠢᠯᠠᠯ ᠤᠨ ︽ᠲᠡᠷᠢᠭᠦᠯᠡᠭᠴᠢ ᠶᠢᠨ ᠣᠯᠭᠤᠬᠤ ᠶᠠᠰᠤ ᠴᠢᠨᠠᠷ ᠤᠨ ᠱᠠᠩᠨᠠᠯ︾ | ︽ᠬᠤᠲᠠ ᠶᠢᠨ ᠳᠠᠷᠤᠭ᠎ᠠ ᠶᠢᠨ ᠣᠯᠭᠤᠬᠤ ᠶᠠᠰᠤ ᠴᠢᠨᠠᠷ ᠤᠨ ᠱᠠᠩᠨᠠᠯ︾᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠣᠳᠣᠨ ᠨᠠᠷᠠᠲᠤ ᠲᠥᠷᠥᠯ | ᠲᠡᠮᠳᠡᠭᠲᠦ ᠶᠢᠨ ᠨᠡᠷᠡᠰ ᠤᠨ ᠵᠢᠭᠰᠠᠭᠠᠯᠲᠠ᠂ ︽ᠪᠥᠬᠦ ᠬᠤᠲᠠ ᠶᠢᠨ ᠠᠷᠪᠠᠨ ᠲᠣᠮᠣ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠲᠡᠮᠳᠡᠭᠲᠦ︾ ᠪᠠᠷ ᠭᠤᠶᠤᠴᠢᠯᠠᠨ | ᠮᠡᠳᠡᠭᠦᠯᠬᠦ ᠶᠢ ᠳᠡᠮᠵᠢᠨ᠎ᠡ᠃ ︵ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | 3. ᠰᠣᠳᠣᠨ ᠦᠷ᠎ᠡ ᠡᠭᠦᠯᠳᠡᠷ ᠤᠨ ᠬᠠᠮᠠᠭᠠᠯᠠᠯᠲᠠ ᠶᠢ ᠴᠢᠩᠭ᠎ᠠ ᠠᠳᠬᠤᠨ᠎ᠠ᠃ ᠡᠭᠦᠯᠳᠡᠷ ᠬᠠᠮᠠᠭᠠᠯᠠᠬᠤ ᠲᠠᠯᠠᠪᠠᠶ ᠪᠣᠯᠣᠨ ᠭᠤᠣᠯᠯᠠᠬᠤ ᠡᠭᠦᠯᠳᠡᠷ ᠪᠣᠶᠢᠵᠢᠭᠤᠯᠬᠤ | ᠲᠠᠯᠠᠪᠠᠶ ᠵᠡᠷᠭᠡ ᠡᠭᠦᠯᠳᠡᠷ ᠤᠨ ᠮᠠᠯ ᠤᠨ ᠲᠠᠯᠠᠪᠠᠶ ᠳᠤ ᠳᠦᠰᠢᠭᠯᠡᠵᠦ᠂ ᠬᠦᠷᠢᠶᠡᠯᠡᠩ ᠠᠵᠤ ᠠᠬᠤᠶᠢᠯᠠᠯ ᠪᠠ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠣᠷᠣᠨ ᠨᠤᠲᠤᠭ ᠤᠨ ᠰᠠᠶᠢᠨ ᠦᠷ᠎ᠡ᠂ ᠮᠠᠯ ᠤᠨ ᠡᠭᠦᠯᠳᠡᠷ᠂ ᠡᠪᠡᠰᠦᠨ ᠦᠷ᠎ᠡ ᠶᠢᠨ ᠬᠠᠮᠠᠭᠠᠯᠠᠯᠲᠠ ᠶᠢ | ᠴᠢᠩᠭᠠᠳᠬᠠᠵᠤ᠂ ᠠᠷᠪᠠᠰ ᠤᠨ ᠨᠣᠣᠯᠤᠭᠤᠷ ᠤᠨ ᠢᠮᠠᠭ᠎ᠠ ᠵᠡᠷᠭᠡ ᠳᠠᠪᠠᠭᠤᠯᠢᠭ ᠡᠭᠦᠯᠳᠡᠷ ᠢ ᠬᠠᠮᠠᠭᠠᠯᠠᠨ ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠵᠦ᠂ ᠰᠣᠳᠣᠨ ᠦᠷ᠎ᠡ ᠡᠭᠦᠯᠳᠡᠷ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠰᠣᠳᠣᠨ ᠪᠦᠲᠦᠭᠡᠭᠳᠡᠬᠦᠨ ᠢ ᠭᠠᠳᠠᠭᠰᠢ ᠭᠠᠷᠭᠠᠵᠤ᠂ ᠲᠥᠷᠥᠯ ᠲᠡᠮᠳᠡᠭᠲᠦ ᠶᠢᠨ | ᠪᠠᠶᠢᠭᠤᠯᠤᠯᠲᠠ ᠬᠢᠭᠡᠳ ᠦᠷ᠎ᠡ ᠡᠭᠦᠯᠳᠡᠷ ᠤᠨ ᠬᠠᠮᠠᠭᠠᠯᠠᠯᠲᠠ ᠶᠢᠨ ︽ᠬᠤᠶᠠᠷ ᠢ ᠠᠬᠢᠭᠤᠯᠵᠤ᠂ ᠬᠤᠶᠠᠷ ᠢ ᠳᠡᠭᠡᠭᠰᠢᠯᠡᠭᠦᠯᠬᠦ︾ ᠶᠢ ᠠᠬᠢᠭᠤᠯᠤᠨ᠎ᠠ᠃ ︵ᠲᠦᠷᠦᠭᠦᠯᠡᠬᠦ | ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠶᠠᠷ︶ ᠤᠬᠠᠭᠤᠯᠤᠨ ᠳᠡᠯᠭᠡᠷᠡᠭᠦᠯᠬᠦ ᠡᠷᠴᠢᠮ ᠢ ᠨᠡᠮᠡᠭᠳᠡᠭᠦᠯᠦᠨ᠎ᠡ | 1. ᠲᠥᠷᠥᠯ ᠲᠡᠮᠳᠡᠭᠲᠦ ᠶᠢᠨ ᠪᠥᠬᠦ ᠬᠦᠷᠢᠶ᠎ᠡ ᠴᠠᠷᠠᠭᠠᠨ ᠤ ᠤᠬᠠᠭᠤᠯᠭ᠎ᠠ ᠶᠢ ᠥᠷᠨᠢᠭᠦᠯᠦᠨ᠎ᠡ᠃ ᠠᠮᠤ ᠪᠤᠳᠠᠭ᠎ᠠ᠂ ᠢᠮᠠᠭᠠᠨ ᠨᠣᠣᠯᠤᠭᠤᠷ᠂ ᠠᠯᠠᠰᠢᠨ ᠦᠬᠡᠷ᠂ | ᠠᠯᠠᠰᠢᠨ ᠬᠤᠨᠢ᠂ ᠰᠦ ᠰᠠᠭᠠᠯᠢ ᠶᠢᠨ ᠦᠢᠯᠡᠰ ᠵᠡᠷᠭᠡ ᠲᠠᠪᠤᠨ ᠵᠠᠭᠤᠨ ᠳ᠋ᠦᠩᠰᠢᠭᠤᠷ ᠤᠨ ᠲᠡᠰ ᠤᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ︽ | ᠳᠤᠯᠠᠭᠠᠨ ᠬᠤᠳᠠ ᠶᠢᠨ ᠲᠠᠩᠰᠤᠭ ᠠᠮᠲᠠ︾ ᠲᠦᠷᠦᠯ ᠲᠡᠮᠲᠡᠭᠲᠦ ᠶᠢᠨ ᠳᠦᠷᠢ ᠲᠥᠷᠬᠦ ᠶᠢ ᠱᠤᠭᠤᠨ᠎ᠠ᠃ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ᠂ | ᠡᠵᠡᠨ ᠬᠤᠷᠤᠭ᠎ᠠ ᠬᠤᠰᠢᠭᠤᠨ ᠤ ᠭᠤᠣᠯ ᠲᠣᠭᠤᠷᠢᠭ ᠲᠤ᠂ ᠭᠠᠵᠠᠷ ᠵᠦᠢ ᠶᠢᠨ ᠲᠡᠮᠳᠡᠭᠲᠦ ᠠᠰᠠᠷ ᠲᠠᠭᠲᠤ ᠶᠢ ᠭᠡᠷᠡᠯᠲᠦᠭᠦᠯᠬᠦ᠂ ᠵᠢᠯᠣᠭᠤᠴᠢ ᠦᠭᠡᠢ ᠨᠢᠰᠬᠡᠯ ᠤᠨ | ᠲᠣᠭᠯᠠᠯᠲᠠ᠂ ᠬᠤᠸᠠᠷ ᠫᠤᠤᠵᠢᠩ ᠤᠨ ᠦᠵᠡᠭᠦᠯᠭᠡ ᠵᠡᠷᠭᠡ ᠬᠡᠯᠪᠡᠷᠢ ᠪᠠᠷ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠤᠬᠠᠭᠤᠯᠵᠤ᠂ ᠠᠩᠬᠠᠷᠤᠯ ᠲᠠᠲᠠᠬᠤ ᠴᠡᠭ ᠢ | ᠪᠠᠶᠠᠯᠢᠭᠵᠢᠭᠤᠯᠤᠨ᠎ᠠ︔ ᠬᠤᠲᠠ ᠶᠢᠨ ᠳᠣᠲᠣᠨ᠎ᠠ ᠭᠠᠳᠠᠨᠠᠬᠢ ᠨᠢᠰᠬᠡᠯ ᠤᠨ ᠪᠠᠭᠤᠳᠠᠯ᠂ ᠲᠥᠷᠭᠡᠨ ᠤ ᠲᠡᠮᠦᠷ ᠵᠠᠮ ᠤᠨ ᠥᠷᠲᠡᠭᠡ᠂ ᠲᠥᠷᠭᠡᠨ ᠤ ᠵᠠᠰᠠᠮᠠᠯ ᠵᠠᠮ | ᠬᠥᠭᠦᠷᠭᠡ᠂ ᠬᠤᠲᠠ ᠶᠢᠨ ᠳᠣᠲᠣᠨ᠎ᠠ ᠭᠠᠳᠠᠨᠠᠬᠢ ᠡᠯ᠎ᠡ ᠭᠤᠣᠯᠳᠠᠯᠭ᠎ᠠ ᠲᠠᠢ ᠦᠵᠡᠮᠵᠢ ᠶᠢᠨ ᠣᠷᠣᠨ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ᠂ ︽ | ᠳᠤᠯᠠᠭᠠᠨ ᠬᠤᠲᠠ ᠶᠢᠨ ᠴᠣᠩᠬᠤᠪᠴᠢ︾ ᠵᠡᠷᠭᠡ ᠲᠠᠪᠴᠠᠩ ᠳᠤ ᠤᠬᠠᠭᠤᠯᠭ᠎ᠠ ᠶᠢᠨ ᠵᠠᠷ ᠮᠡᠳᠡᠭᠡ ᠲᠠᠷᠬᠠᠭᠠᠵᠤ᠂ ᠨᠠᠩ ᠣᠯᠠᠨ ᠠᠩᠬᠠᠷᠤᠯ ᠢ ᠲᠠᠲᠠᠨ᠎ᠠ︔ ᠡᠯ᠎ᠡ | ᠭᠠᠵᠠᠷ ᠤᠨ ᠬᠤᠳᠠᠯᠳᠤᠭᠠᠴᠢᠳ ᠤᠨ ᠡᠪᠯᠡᠯ᠂ ᠭᠠᠳᠠᠨ᠎ᠠ ᠪᠠᠶᠢᠭ᠎ᠠ ᠨᠤᠲᠤᠭ ᠤᠨ ᠲᠣᠮᠤᠭᠠᠲᠠᠳ ᠵᠡᠷᠭᠡ ᠶᠢ ᠥᠷᠭᠡᠨ ᠢᠶᠠᠷ ᠲᠠᠶᠢᠴᠢᠯᠠᠵᠦ᠂ ︽ᠪᠢ ︿ᠳᠤᠯᠠᠭᠠᠨ | ᠬᠤᠳᠠ ᠶᠢᠨ ᠲᠠᠩᠰᠤᠭ ᠠᠮᠲᠠ ﹀ ᠳᠤ ᠣᠷᠣᠯᠠᠨ ᠦᠭᠦᠯᠡᠭᠴᠢ ᠪᠣᠯᠬᠤ︾ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠳᠤᠯᠠᠭᠠᠨ ᠬᠤᠳᠠ ᠶᠢᠨ | ᠲᠠᠩᠰᠤᠭ ᠠᠮᠲᠠ ︾ ᠶᠢᠨ ᠦᠢᠯᠡᠳᠭᠦᠨ ᠢ ᠲᠠᠨᠢᠯᠴᠠᠭᠤᠯᠬᠤ ᠦᠵᠡᠭᠦᠯᠭᠡ ᠴᠤᠭᠯᠠᠭᠠᠨ ᠳᠤ ᠣᠷᠣᠯᠴᠠᠬᠤ ᠶᠢ ᠢᠳᠡᠪᠬᠢᠲᠡᠢ ᠠᠬᠢᠭᠤᠯᠵᠤ᠂ ᠲᠠᠷᠢᠶᠠᠯᠠᠭ᠎ᠠ ᠶᠢᠨ ᠪᠠᠶᠠᠷ | ᠳᠤᠷᠠᠰᠬᠠᠯ᠂ ᠤᠷᠤᠯᠳᠤᠭᠠᠨ ᠤ ᠶᠠᠪᠤᠳᠠᠯ ᠢ ᠳᠡᠮᠵᠢᠬᠦ ᠵᠡᠷᠭᠡ ᠳᠤ ᠣᠷᠤᠯᠴᠠᠨ᠎ᠠ᠃ ︽ᠳᠤᠯᠠᠭᠠᠨ ᠬᠤᠲᠠ ᠶᠢᠨ ᠲᠠᠩᠰᠤᠭ ᠠᠮᠲᠠ︾ ᠶᠢᠨ ᠳᠦᠷᠢ ᠲᠥᠷᠬᠦ ᠶᠢᠨ | ᠲᠡᠮᠳᠡᠭ ᠢ ᠬᠠᠮᠲᠤᠷᠠᠯᠴᠠᠭᠠᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠡᠯ᠎ᠡ ᠭᠤᠭᠴᠤᠭ᠎ᠠ ᠳᠤ ᠰᠢᠮᠡᠳᠭᠡᠨᠡ᠃ ᠲᠥᠷᠥᠯ ᠲᠡᠮᠳᠡᠭᠲᠦ ᠶᠢᠨ ᠢᠯᠡᠴᠢᠯᠡᠬᠦ ᠬᠡᠮᠵᠢᠶ᠎ᠡ ᠶᠢ | ᠨᠡᠮᠡᠭᠳᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ︽ᠭᠠᠵᠠᠷ ᠪᠣᠯᠭᠠᠨ ᠳᠤ ᠬᠠᠷᠠᠭᠳᠠᠬᠤ︾ ᠤᠬᠠᠭᠤᠯᠭ᠎ᠠ ᠶᠢᠨ ᠠᠭᠤᠷ ᠠᠮᠢᠰᠬᠤᠯ ᠢ | ᠪᠣᠶ ᠪᠣᠯᠭᠠᠵᠤ᠂ ᠲᠥᠷᠥᠯ ᠲᠡᠮᠳᠡᠭᠲᠦ ᠶᠢᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠬᠤᠲᠠ ᠶᠢᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ | ᠬᠤᠷᠠᠯ᠂ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠣᠷᠳᠣᠰ ᠬᠤᠲᠠ ᠶᠢᠨ ᠵᠥᠪᠯᠡᠯ᠂ ᠬᠤᠲᠠ ᠶᠢᠨ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠬᠤᠲᠠ ᠶᠢᠨ ᠬᠠᠮ ᠵᠠᠭᠤᠴᠢᠯᠠᠭᠤᠷ ᠤᠨ ᠰᠣᠶᠣᠯ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠬᠤᠲᠠ ᠶᠢᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ | ︶ | 2. ᠰᠢᠨ᠎ᠡ ᠵᠠᠭᠤᠴᠢᠯᠠᠭᠤᠷ ᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠪᠦᠯᠬᠦᠮ ᠨᠡᠶᠢᠲᠡ ᠶᠢ | ᠪᠣᠶᠢᠵᠢᠭᠤᠯᠵᠤ᠂ ︽ᠳᠤᠯᠠᠭᠠᠨ ᠬᠤᠲᠠ ᠶᠢᠨ ᠲᠠᠩᠰᠤᠭ ᠠᠮᠲᠠ︾ ᠰᠢᠨ᠎ᠡ ᠵᠠᠭᠤᠴᠢᠯᠠᠭᠤᠷ ᠤᠨ ᠲᠠᠩᠰᠠᠨ ᠡᠷᠦᠬᠡ ᠶᠢ ᠡᠭᠦᠳᠦᠨ ᠪᠠᠶᠢᠭᠤᠯᠤᠨ ᠡᠵᠡᠩᠨᠡᠵᠦ᠂ ︽ | ᠳᠤᠯᠠᠭᠠᠨ ᠬᠤᠲᠠ ᠶᠢᠨ ᠲᠠᠩᠰᠤᠭ ᠠᠮᠲᠠ︾ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢᠨ ᠲᠠᠪᠴᠠᠩ ᠢ ᠪᠠᠶᠢᠭᠤᠯᠤᠨ᠎ᠠ᠃ ᠰᠢᠭᠤᠳ ᠨᠡᠪᠲᠡᠷᠡᠭᠦᠯᠭᠡ ᠶᠢᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠳᠬᠦᠨ ᠳᠡᠮᠵᠢᠵᠦ᠂ ︽ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠳᠡᠯᠭᠡᠷᠡᠭᠦᠯᠦᠨ | ᠲᠠᠨᠢᠯᠴᠠᠭᠤᠯᠤᠭᠴᠢ︾᠂ ᠰᠦᠯᠵᠢᠶᠡᠨ ᠤ ᠣᠳᠣᠨ ᠵᠡᠷᠭᠡ ᠶᠢ ᠰᠢᠯᠢᠨ ᠰᠣᠩᠭᠤᠬᠤ ᠪᠠ ᠬᠥᠮᠥᠵᠢᠭᠦᠯᠵᠦ ᠰᠢᠭᠤᠳ ᠨᠡᠪᠲᠡᠷᠡᠭᠦᠯᠭᠡ ᠤᠬᠠᠭᠤᠯᠭ᠎ᠠ ᠶᠢᠨ ᠠᠵᠢᠯᠯᠠᠭ᠎ᠠ ᠶᠢ | ᠥᠷᠨᠢᠭᠦᠯᠦᠨ᠎ᠡ᠃ ᠠᠵᠤ ᠠᠬᠤᠶᠢᠯᠠᠯ ᠤᠨ ᠲᠢᠺ ᠲᠣᠺ᠂ ᠸᠢᠳᠢᠤ᠋ ᠳᠠᠩᠰᠠᠨ ᠨᠣᠮᠧᠷ ᠵᠡᠷᠭᠡ ᠣᠬᠤᠷ ᠸᠢᠳᠢᠤ᠋ ᠶᠢᠨ ᠲᠠᠪᠴᠠᠩ ᠳᠤ ︽ᠳᠤᠯᠠᠭᠠᠨ ᠬᠤᠲᠠ ᠶᠢᠨ ᠲᠠᠩᠰᠤᠭ | ᠠᠮᠲᠠ︾ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠶᠢ ᠵᠢᠯᠣᠭᠤᠳᠣᠨ ᠳᠠᠮᠵᠢᠨ᠎ᠠ᠃ ︵ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠣᠶᠣᠯ | ᠪᠠ ᠵᠢᠭᠤᠯᠴᠢᠯᠠᠯ ᠤᠨ ᠲᠣᠪᠴᠢᠶ᠎ᠠ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ | ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠬᠤᠲᠠ ᠶᠢᠨ ᠬᠠᠮ ᠵᠠᠭᠤᠴᠢᠯᠠᠭᠤᠷ ᠤᠨ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ | ᠬᠤᠲᠠ ᠶᠢᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ︶ | ︵ᠭᠤᠷᠪᠠ︶ ᠦᠢᠯᠡᠳᠬᠦᠨ ᠢ ᠡᠵᠡᠩᠨᠡᠨ ᠪᠣᠷᠣᠯᠠᠭᠤᠯᠵᠤ ᠭᠠᠷᠭᠠᠬᠤ ᠠᠵᠢᠯ ᠢ ᠰᠠᠶᠢᠲᠤᠷ ᠬᠢᠨ᠎ᠡ | 1. ᠲᠥᠷᠥᠯ ᠲᠡᠮᠳᠡᠭᠲᠦ ᠶᠢᠨ ᠳᠡᠯᠭᠡᠨ ᠪᠣᠷᠣᠯᠠᠭᠤᠯᠬᠤ ᠲᠠᠪᠴᠠᠩ ᠢ ᠪᠠᠶᠢᠭᠤᠯᠤᠨ᠎ᠠ᠃ ᠠᠵᠤ ᠠᠬᠤᠶᠢᠯᠠᠯ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ ᠪᠠᠶᠢᠭᠠᠳ ᠡᠯ᠎ᠡ ᠱᠠᠲᠤᠨ ᠤ ᠡᠯ᠎ᠡ ᠲᠥᠷᠥᠯ ᠤᠨ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠦᠢᠯᠡᠳᠭᠦᠨ ᠢ ᠳᠡᠯᠭᠡᠨ ᠦᠵᠡᠭᠦᠯᠵᠦ ᠪᠣᠷᠣᠯᠠᠭᠤᠯᠬᠤ ᠠᠵᠢᠯᠯᠠᠭ᠎ᠠ ᠳᠤ ᠣᠷᠣᠯᠴᠠᠭᠤᠯᠤᠨ᠎ᠠ᠃ ᠬᠤᠰᠢᠭᠤ ᠲᠣᠭᠤᠷᠢᠭ ᠤᠨ ᠡᠯᠧᠺᠲᠷᠣᠨ | ᠬᠤᠳᠠᠯᠳᠤᠭᠠᠨ ᠤ ᠡᠵᠡᠩᠨᠡᠨ ᠪᠣᠷᠣᠯᠠᠭᠤᠯᠬᠤ ᠤᠷᠤᠯᠳᠤᠭᠠᠨ ᠡᠷᠭᠢᠯᠡᠬᠦ ᠶᠢ ᠳᠡᠮᠵᠢᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠳᠪᠦᠷᠢᠯᠡᠯ | ᠪᠣᠷᠤᠯᠠᠭᠤᠯᠭ᠎ᠠ ᠶᠢ ᠵᠣᠯᠭᠠᠭᠤᠯᠬᠤ ᠲᠠᠪᠴᠠᠩ ᠢ ᠪᠠᠶᠢᠭᠤᠯᠤᠨ᠎ᠠ᠃ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠤᠯᠤᠰ ᠤᠨ ᠳᠣᠲᠣᠭᠠᠳᠤ ᠶᠢᠨ ᠭᠤᠣᠯᠳᠠᠯᠭ᠎ᠠ ᠲᠠᠢ | ᠬᠤᠲᠠ ᠳᠤ ︽ᠳᠤᠯᠠᠭᠠᠨ ᠬᠤᠲᠠ ᠶᠢᠨ ᠲᠠᠩᠰᠤᠭ ᠠᠮᠲᠠ︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠢ ᠳᠡᠯᠭᠡᠨ ᠪᠣᠷᠣᠯᠠᠭᠤᠯᠵᠤ ᠰᠣᠯᠢᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠳᠤ ᠬᠡᠷᠡᠭᠯᠡᠭᠡᠨ ᠤ ᠲᠡᠮᠳᠡᠭᠲᠦ | ᠲᠠᠷᠬᠠᠭᠠᠵᠤ᠂ ᠬᠡᠷᠡᠭᠯᠡᠭᠡ ᠶᠢ ᠲᠠᠶᠢᠴᠢᠯᠠᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠢ ᠭᠠᠳᠠᠭᠰᠢ ᠭᠠᠷᠭᠠᠬᠤ ᠶᠢ ᠣᠯᠠᠨ ᠠᠷᠭ᠎ᠠ ᠵᠠᠮ ᠢᠶᠠᠷ | ᠳᠡᠮᠵᠢᠵᠦ᠂ ᠴᠢᠨᠠᠷ ᠰᠠᠶᠢᠲᠠᠢ ᠪᠥᠭᠡᠳ ᠦᠨ᠎ᠡ ᠰᠠᠶᠢᠲᠠᠢ ᠪᠠᠶᠢᠬᠤ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠬᠤᠲᠠ ᠶᠢᠨ ᠭᠠᠴᠠᠭ᠎ᠠ ᠲᠣᠰᠬᠤᠨ ᠢ ᠳᠠᠭᠠᠭᠠᠴᠢᠯᠠᠬᠤ ᠭᠠᠴᠠᠭ᠎ᠠ ᠲᠣᠰᠬᠤᠨ ᠲᠠᠢ ᠬᠠᠷᠢᠯᠴᠠᠬᠤ ᠭᠠᠴᠠᠭ᠎ᠠ ᠲᠣᠰᠬᠤᠨ ᠳᠤ ᠰᠠᠭᠤᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠳᠤᠮᠳᠠᠳᠤ | ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠣᠷᠳᠣᠰ ᠬᠤᠲᠠ ᠶᠢᠨ ᠵᠥᠪᠯᠡᠯ᠂ ᠬᠤᠲᠠ ᠶᠢᠨ ᠤᠰᠤᠨ ᠤ ᠶᠠᠪᠤᠳᠠᠯ ᠤᠨ ᠪᠡᠯᠡ | ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ︶ | 2. ᠭᠤᠣᠯᠳᠠᠯᠭ᠎ᠠ ᠲᠠᠢ ᠵᠠᠬ᠎ᠠ ᠳᠡᠯᠭᠡᠭᠦᠷ ᠤᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ | ᠴᠢᠩᠭᠠᠳᠬᠠᠵᠤ᠂ ᠤᠯᠤᠰ ᠤᠨ ᠶᠠᠮᠤᠨ ᠵᠥᠪᠯᠡᠯ ᠪᠣᠯᠣᠨ ᠪᠥᠬᠦ ᠤᠯᠤᠰ ᠤᠨ ᠭᠤᠣᠯᠳᠠᠯᠭ᠎ᠠ ᠲᠠᠢ ᠬᠤᠲᠠ ᠯᠤᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠲᠠ ᠶᠢᠨ ᠳᠣᠲᠣᠷᠠᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠬᠤᠲᠠ ᠶᠢᠨ | ᠠᠷᠭ᠎ᠠ ᠵᠠᠮ ᠲᠠᠪᠴᠠᠩ ᠢᠶᠠᠷ ᠳᠠᠮᠵᠢᠭᠤᠯᠵᠤ᠂ ᠪᠥᠬᠦ ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠢ ᠤᠯᠤᠰ ᠤᠨ ᠳᠣᠲᠣᠭᠠᠳᠤ ᠶᠢᠨ | ᠭᠤᠣᠯᠳᠠᠯᠭ᠎ᠠ ᠲᠠᠢ ᠬᠤᠲᠠ ᠶᠢᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ ᠪᠠᠶᠢᠭᠤᠯᠭ᠎ᠠ ᠪᠣᠯᠣᠨ ᠰᠤᠷᠭᠠᠭᠤᠯᠢ ᠵᠡᠷᠭᠡ ᠳᠤ ᠣᠷᠤᠭᠤᠯᠬᠤ ᠶᠢ | ᠳᠡᠮᠵᠢᠨ᠎ᠡ᠃ ︵ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠪᠡᠭᠡᠵᠢᠩ ᠳᠤ ᠰᠠᠭᠤᠭ᠎ᠠ ᠬᠠᠷᠢᠯᠴᠠᠬᠤ ᠭᠠᠵᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠠᠷᠢᠯᠴᠠᠬᠤ ᠭᠠᠵᠠᠷ᠂ | ᠬᠤᠲᠠ ᠶᠢᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ︶ | 3. ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠵᠡᠩᠨᠡᠨ ᠪᠣᠷᠣᠯᠠᠭᠤᠯᠬᠤ ᠠᠷᠭ᠎ᠠ ᠵᠠᠮ ᠢ ᠪᠠᠶᠠᠯᠢᠭᠵᠢᠭᠤᠯᠤᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠠᠵᠤ ᠠᠬᠤᠶᠢᠯᠠᠯ ᠢ ᠳᠡᠮᠵᠢᠵᠦ ᠪᠠᠶᠢᠭᠠᠳ ᠨᠠᠷᠠᠲᠠᠢ ᠡᠯᠧᠺᠲᠷᠣᠨ ᠬᠤᠳᠠᠯᠳᠤᠭᠠᠨ ᠤ ᠲᠠᠪᠴᠠᠩ ᠳᠤ ᠠᠳᠠᠭ ᠲᠤ ᠪᠠᠨ 10 ᠰᠦᠯᠵᠢᠶᠡᠨ ᠳᠡᠭᠡᠷᠡᠬᠢ | ᠲᠤᠰᠬᠠᠢ ᠡᠵᠡᠩᠨᠡᠯᠲᠡ ᠶᠢᠨ ᠳᠡᠯᠭᠡᠭᠦᠷ ᠪᠠᠶᠢᠭᠤᠯᠵᠤ᠂ ︽ᠬᠠᠯᠠᠮᠰᠢᠯ ᠦᠢᠯᠡᠳᠬᠦᠨ︾ ᠢ ᠪᠣᠶᠢᠵᠢᠭᠤᠯᠵᠤ᠂ ᠰᠦᠯᠵᠢᠶᠡᠨ ᠬᠦᠲᠦᠯᠦᠭᠴᠢ ᠶᠢᠨ ᠪᠠᠷᠠᠭ᠎ᠠ ᠬᠤᠳᠠᠯᠳᠤᠬᠤ | ᠲᠠᠪᠴᠠᠩ ᠢ ᠪᠠᠶᠢᠭᠤᠯᠵᠤ᠂ ᠨᠠᠷᠠᠲᠠᠢ ᠰᠢᠭᠤᠳ ᠨᠡᠪᠲᠡᠷᠡᠭᠦᠯᠬᠦ ᠪᠠᠶᠢᠭᠤᠯᠤᠮᠵᠢ ᠶᠢ ᠤᠷᠢᠵᠤ ᠣᠷᠳᠣᠰ ᠲᠤ ᠢᠷᠡᠭᠦᠯᠵᠦ ᠰᠢᠭᠤᠳ ᠨᠡᠪᠲᠡᠷᠡᠭᠦᠯᠭᠡ ᠬᠢᠵᠦ ᠪᠠᠷᠠᠭ᠎ᠠ | ᠬᠤᠳᠠᠯᠳᠤᠨ᠎ᠠ᠃ ᠠᠵᠤ ᠠᠬᠤᠶᠢᠯᠠᠯ ᠢ ᠲᠡᠳᠬᠦᠵᠦ ᠪᠠᠶᠢᠭᠠᠳ ︽ᠳᠤᠯᠠᠭᠠᠨ ᠬᠤᠲᠠ ᠶᠢᠨ ᠲᠠᠩᠰᠤᠭ ᠠᠮᠲᠠ︾ ᠡᠯᠧᠺᠲᠷᠣᠨ ᠬᠤᠳᠠᠯᠳᠤᠭᠠᠨ ᠤ ᠵᠢᠵᠢᠭᠯᠡᠨ | ᠬᠤᠳᠠᠯᠳᠤᠬᠤ ᠲᠠᠪᠴᠠᠩ ᠢ 1 ᠪᠠᠶᠢᠭᠤᠯᠵᠤ᠂ ᠣᠷᠳᠣᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠢ ᠲᠥᠪᠯᠡᠷᠡᠭᠦᠯᠦᠨ ᠳᠡᠯᠭᠡᠨ ᠦᠵᠡᠭᠦᠯᠬᠦ ᠪᠠ | ᠪᠣᠷᠣᠯᠠᠭᠤᠯᠵᠤ᠂ ᠡᠷᠬᠡ ᠣᠯᠭᠤᠭᠰᠠᠨ ᠲᠠᠸᠠᠷ ᠤᠨ ︽ᠦᠢᠯᠡᠳᠪᠦᠷᠢᠯᠡᠬᠦ ᠲᠡᠭᠡᠭᠡᠪᠦᠷᠢᠯᠡᠬᠦ ᠬᠥᠮᠦᠷᠭᠡᠯᠡᠬᠦ ᠪᠣᠷᠣᠯᠠᠭᠤᠯᠬᠤ︾ ᠲᠣᠮᠣ ᠳ᠋ᠠᠶᠢᠲ᠋ᠠ ᠶᠢ ᠪᠦᠷᠢᠳᠬᠡᠬᠦ ᠪᠠ | ᠵᠠᠳᠠᠯᠬᠤ ᠶᠢ ᠰᠠᠶᠢᠲᠤᠷ ᠬᠢᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠶᠢ ᠵᠢᠯᠣᠭᠤᠳᠤᠨ᠎ᠠ᠃ ︽832︾ ᠶᠠᠳᠠᠭᠤ ᠠᠴᠠ ᠠᠩᠭᠢᠵᠢᠷᠠᠭᠤᠯᠬᠤ ᠭᠠᠵᠠᠷ | ᠣᠷᠣᠨ ᠤ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠰᠦᠯᠵᠢᠶᠡᠨ ᠤ ᠪᠣᠷᠤᠯᠠᠭᠤᠯᠭ᠎ᠠ ᠶᠢᠨ ᠲᠠᠪᠴᠠᠩ ᠵᠢᠴᠢ ᠬᠠᠩᠭᠠᠨ ᠪᠣᠷᠤᠯᠠᠭᠤᠯᠭ᠎ᠠ᠂ | ᠰᠢᠤᠳᠠᠨ ᠵᠡᠷᠭᠡ ᠲᠣᠮᠣ ᠬᠡᠯᠪᠡᠷᠢ ᠶᠢᠨ ᠰᠦᠯᠵᠢᠶᠡᠨ ᠬᠤᠳᠠᠯᠳᠤᠭᠠᠨ ᠤ ᠬᠤᠳᠠ ᠶᠢ ᠬᠦᠷᠭᠡᠨ ᠳᠠᠮᠵᠢᠭᠤᠯᠤᠨ᠎ᠠ᠃ ᠠᠵᠤ ᠠᠬᠤᠶᠢᠯᠠᠯ ᠤᠨ ᠭᠤᠣᠯᠳᠠᠯᠭ᠎ᠠ ᠲᠠᠢ ᠬᠤᠲᠠ᠂ | ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠡᠭ ᠪᠠ ᠬᠠᠯᠠᠮᠰᠢᠯ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠠᠳᠠᠭ ᠲᠤ ᠪᠠᠨ 5 ᠣᠯᠠᠨ ᠵᠦᠢᠯ ᠤᠨ | ᠡᠵᠡᠩᠨᠡᠯᠲᠡ ᠶᠢᠨ ᠬᠡᠯᠪᠡᠷᠢ ᠪᠠᠶᠢᠳᠠᠯ ᠲᠠᠢ ︽ᠳᠤᠯᠠᠭᠠᠨ ᠬᠤᠲᠠ ᠶᠢᠨ ᠲᠠᠩᠰᠤᠭ ᠠᠮᠲᠠ︾ ᠲᠥᠷᠥᠯ ᠲᠡᠮᠳᠡᠭᠲᠦ ᠶᠢᠨ ᠳᠡᠯᠭᠡᠭᠦᠷ᠂ ᠪᠣᠷᠤᠯᠠᠭᠤᠯᠭ᠎ᠠ ᠶᠢᠨ ᠲᠤᠰᠬᠠᠢ | ᠣᠷᠣᠨ ᠪᠠ ᠲᠤᠰᠬᠠᠢ ᠯᠠᠩᠭᠦᠢ ᠨᠡᠭᠡᠭᠡᠵᠦ᠂ ︽ᠳᠤᠯᠠᠭᠠᠨ ᠬᠤᠲᠠ ᠶᠢᠨ ᠴᠣᠩᠬᠤᠪᠴᠢ︾ ᠯᠤᠭ᠎ᠠ ᠠᠭᠤᠰᠤᠯᠴᠠᠭᠤᠯᠤᠨ ᠬᠥᠭᠵᠢᠭᠦᠯᠬᠦ ᠶᠢ ᠳᠡᠮᠵᠢᠨ᠎ᠡ᠃ ︵ | ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ | ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠲᠠ ᠶᠢᠨ ᠬᠠᠩᠭᠠᠨ | ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ | ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠰᠢᠤᠳᠠᠨ ᠤ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠣᠷᠳᠣᠰ ᠬᠤᠲᠠ ᠶᠢᠨ ᠬᠤᠪᠢᠶᠠᠷᠢ | ᠺᠣᠮᠫᠠᠨᠢ︶ | ︵ᠳᠥᠷᠪᠡ︶ ᠦᠢᠯᠡᠳᠬᠦᠨ ᠤ ᠭᠦᠢᠯᠭᠡᠭᠡᠨ ᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ | 1. ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠬᠤᠲᠠ ᠶᠢᠨ ᠦᠢᠯᠡᠳᠪᠦᠷᠢᠯᠡᠯ | ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠳᠤ ᠲᠦᠰᠢᠭᠯᠡᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ | ᠭᠦᠢᠯᠭᠡᠭᠡᠨ ᠤ ᠭᠤᠣᠯ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠰᠢᠭᠤ ᠲᠣᠭᠤᠷᠢᠭ ᠤᠨ ᠭᠠᠷᠤᠯᠲᠠ ᠶᠢᠨ ᠣᠷᠣᠨ ᠤ ᠬᠦᠢᠲᠡᠨ ᠢᠶᠠᠷ | ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠣᠨᠴᠠᠯᠢᠭᠲᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠳᠠᠪᠠᠭᠤᠯᠢᠭ ᠣᠷᠣᠨ ᠪᠠ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠵᠡᠷᠭᠡ ᠪᠠᠷ ᠭᠤᠣᠯᠳᠠᠯᠭ᠎ᠠ ᠪᠣᠯᠭᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠢ ᠲᠣᠬᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ | ᠳᠡᠮᠵᠢᠨ᠎ᠡ᠃ ᠭᠤᠣᠯ ᠭᠠᠷᠤᠯᠲᠠ ᠶᠢᠨ ᠭᠠᠵᠠᠷ ᠤᠨ ᠣᠳᠣᠬᠢᠴᠢᠯᠠᠭᠰᠠᠨ ᠲᠣᠮᠣ ᠬᠡᠯᠪᠡᠷᠢ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠪᠥᠭᠡᠮ ᠢᠶᠠᠷ | ᠬᠤᠳᠠᠯᠳᠤᠬᠤ ᠵᠠᠬ᠎ᠠ ᠳᠡᠯᠭᠡᠭᠦᠷ ᠢ ᠵᠦᠢ ᠵᠣᠬᠢᠰᠲᠠᠢ ᠪᠠᠶᠢᠷᠢᠰᠢᠭᠤᠯᠬᠤ ᠶᠢ ᠵᠣᠷᠢᠭᠵᠢᠭᠤᠯᠵᠤ᠂ ᠭᠦᠢᠯᠭᠡᠭᠡᠨ ᠤ ᠵᠠᠩᠭᠢᠯᠠᠭ᠎ᠠ ᠶᠢᠨ ᠴᠡᠭ ᠢ ᠪᠦᠲᠦᠮᠵᠢᠲᠡᠶ | ᠵᠣᠯᠭᠠᠭᠤᠯᠬᠤ ᠶᠢ ᠠᠬᠢᠭᠤᠯᠤᠨ᠎ᠠ᠃ ᠣᠳᠣᠨ ᠲᠠᠰ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂ ᠪᠥᠬᠦ | ᠬᠤᠲᠠ ᠶᠢᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠵᠠᠬ᠎ᠠ ᠳᠡᠯᠭᠡᠭᠦᠷ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠦᠨ᠎ᠡ᠃ ︵ | ᠲᠦᠷᠦᠭᠦᠯᠡᠬᠦ ᠨᠢᠭᠡᠴᠢ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ | ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ︶ | 2. ᠪᠣᠷᠤᠯᠠᠭᠤᠯᠭ᠎ᠠ ᠶᠢᠨ ᠭᠠᠵᠠᠷ ᠤᠨ ᠣᠭᠲᠤᠪᠤᠷᠢ ᠬᠥᠮᠥᠷᠭᠡ ᠶᠢ ᠪᠠᠶᠢᠷᠢᠯᠠᠭᠤᠯᠤᠨ᠎ᠠ᠃ ᠠᠵᠤ ᠠᠬᠤᠶᠢᠯᠠᠯ ᠤᠨ ᠪᠥᠬᠦ ᠤᠯᠤᠰ ᠤᠨ ᠭᠤᠣᠯ ᠬᠡᠷᠡᠭᠯᠡᠭᠡᠨ ᠤ | ᠭᠠᠵᠠᠷ ᠣᠷᠣᠨ ᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠪᠣᠷᠤᠯᠠᠭᠤᠯᠭ᠎ᠠ ᠶᠢᠨ ᠭᠠᠵᠠᠷ ᠤᠨ ᠣᠭᠲᠤᠪᠤᠷᠢ ᠬᠥᠮᠥᠷᠭᠡ ᠪᠠᠶᠢᠭᠤᠯᠬᠤ ᠶᠢ ᠳᠡᠮᠵᠢᠵᠦ | ᠂ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ᠂ ᠰᠢᠨ᠎ᠡ ᠰᠣᠷᠭᠤᠭ ᠪᠠᠶᠢᠯᠭᠠᠬᠤ᠂ ᠪᠠᠷᠠᠭᠠᠨ ᠤ ᠭᠦᠢᠯᠭᠡᠭᠡᠨ᠂ ᠢᠯᠭᠠᠨ ᠲᠡᠭᠦᠬᠦ᠂ ᠲᠠᠷᠬᠠᠭᠠᠬᠤ ᠪᠠ ᠲᠣᠬᠢᠷᠠᠭᠤᠯᠤᠨ | ᠬᠦᠷᠭᠡᠬᠦ ᠵᠡᠷᠭᠡ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠠᠮᠢᠳᠤ ᠰᠣᠷᠭᠤᠭ ᠪᠦᠲᠦᠬᠡᠭᠳᠡᠭᠦᠨ ᠤ ᠡᠯᠧᠺᠲᠷᠣᠨ ᠬᠤᠳᠠᠯᠳᠤᠭ᠎ᠠ᠂ ᠰᠢᠤᠳᠠᠨ ᠪᠠ | ᠲᠦᠷᠭᠡᠨ ᠬᠦᠷᠭᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠣᠭᠲᠤᠪᠤᠷᠢ ᠬᠥᠮᠥᠷᠭᠡ᠂ ᠰᠠᠯᠭᠠᠨ ᠥᠭᠬᠦ ᠬᠥᠮᠥᠷᠭᠡ ᠪᠠ ᠰᠢᠶᠠᠩ ᠪᠠᠯᠭᠠᠰᠤ ᠶᠢᠨ | ᠬᠠᠮᠲᠤᠪᠠᠷ ᠲᠣᠬᠢᠷᠠᠭᠤᠯᠬᠤ ᠲᠥᠪ ᠪᠠᠶᠢᠭᠤᠯᠵᠤ᠂ ᠬᠥᠯᠳᠡᠭᠡᠵᠦ ᠬᠠᠳᠠᠭᠠᠯᠠᠬᠤ ᠪᠠ ᠳᠣᠣᠷ᠎ᠠ ᠳᠤᠯᠠᠭᠠᠨ ᠢᠶᠠᠷ ᠲᠣᠬᠢᠷᠠᠭᠤᠯᠤᠨ ᠬᠦᠷᠭᠡᠬᠦ ᠲᠥᠬᠦᠭᠡᠷᠦᠮᠵᠢ ᠶᠢ | ᠳᠦᠬᠦᠷᠵᠢᠭᠦᠯᠵᠦ᠂ ᠦᠬᠡᠷ ᠬᠤᠨᠢᠨ ᠮᠢᠬ᠎ᠠ ᠵᠡᠷᠭᠡ ᠬᠦᠢᠲᠡᠨ ᠰᠢᠨ᠎ᠡ ᠰᠣᠷᠭᠤᠭ ᠦᠢᠯᠡᠳᠬᠦᠨ ᠪᠠ ᠵᠢᠮᠢᠰ ᠢᠳᠡᠰᠢᠨ ᠨᠣᠭᠤᠭ᠎ᠠ ᠶᠢᠨ ᠪᠠᠷᠠᠭᠠᠨ ᠤ ᠭᠦᠢᠯᠭᠡᠭᠡᠨ ᠤ | ᠲᠣᠬᠢᠷᠠᠭᠤᠯᠤᠨ ᠬᠦᠷᠭᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ 2026 ᠣᠨ ᠪᠣᠯᠬᠤ ᠳᠤ᠂ ᠪᠣᠷᠤᠯᠠᠭᠤᠯᠭ᠎ᠠ ᠶᠢᠨ ᠭᠠᠵᠠᠷ ᠤᠨ ᠣᠭᠲᠤᠪᠤᠷᠢ ᠬᠥᠮᠥᠷᠭᠡ ᠶᠢ 4 | ᠠᠴᠠ ᠳᠡᠭᠡᠭᠰᠢ ᠪᠠᠶᠢᠭᠤᠯᠤᠨ᠎ᠠ᠃ ︵ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠡᠳ᠋ ᠤᠨ | ᠵᠠᠰᠠᠭ ᠤᠨ ᠲᠣᠪᠴᠢᠶ᠎ᠠ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠬᠤᠲᠠ ᠶᠢᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ᠂ ᠬᠤᠲᠠ ᠶᠢᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ︶ | ︵ᠲᠠᠪᠤ︶ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ | 1. ᠨᠠᠷᠢᠯᠢᠭ ᠡᠳ᠋ᠰᠢᠭᠦᠯᠬᠦ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ᠃ ᠳᠠᠪᠠᠭᠤᠯᠢᠭ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ | ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠯᠦᠭᠵᠢᠯ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠨ ᠡᠳ᠋ᠰᠢᠭᠦᠯᠬᠦ | ᠰᠠᠭᠤᠷᠢᠨ ᠭᠠᠵᠠᠷ ᠢ ᠪᠠᠶᠢᠭᠤᠯᠤᠨ᠎ᠠ᠃ ᠳᠠᠪᠠᠭᠤᠯᠢᠭ ᠲᠠᠷᠢᠮᠠᠯ ᠤᠨ ᠪᠠᠷᠢᠮᠵᠢᠶᠠᠵᠢᠭᠤᠯᠤᠨ ᠦᠢᠯᠡᠳᠪᠦᠷᠢᠯᠡᠬᠦ ᠲᠠᠯᠠᠪᠠᠶ ᠶᠢ ᠥᠷᠭᠡᠳᠭᠡᠵᠦ᠂ ᠠᠯᠠᠰᠢᠨ ᠦᠬᠡᠷ᠂ ᠠᠯᠠᠰᠢᠨ | ᠬᠤᠨᠢ ᠪᠠ ᠰᠠᠭᠠᠯᠢ ᠶᠢᠨ ᠦᠨᠢᠶ᠎ᠡ ᠵᠡᠷᠭᠡ ᠶᠢᠨ ᠦᠢᠯᠡᠳᠪᠦᠷᠢᠯᠡᠨ ᠡᠳ᠋ᠰᠢᠭᠦᠯᠬᠦ ᠪᠠᠷᠢᠮᠵᠢᠶᠠᠵᠢᠭᠤᠯᠤᠯᠲᠠ ᠶᠢ ᠠᠬᠢᠭᠤᠯᠵᠤ᠂ ᠠᠯᠠᠰᠢᠨ ᠬᠤᠨᠢ᠂ ᠠᠯᠠᠰᠢᠨ ᠦᠬᠡᠷ᠂ | ᠱᠤᠷᠠᠭ ᠵᠠᠮᠠᠭ᠂ ᠠᠮᠢᠳᠤ ᠭᠠᠭ᠋ᠠᠢ᠂ ᠠᠮᠤ ᠪᠤᠳᠠᠭ᠎ᠠ ᠪᠠ ᠡᠯᠳᠡᠪ ᠠᠮᠤ ᠵᠡᠷᠭᠡ ᠨᠠᠷᠢᠯᠢᠭ ᠡᠳ᠋ᠰᠢᠭᠦᠯᠬᠦ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢ ᠣᠷᠣᠭᠤᠯᠤᠨ | ᠪᠣᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠰ ᠨᠢᠭᠡᠪᠦᠷᠢ ᠨᠢ 3 ︱ 5 ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠪᠠᠷ ᠴᠢᠩᠭ᠎ᠠ᠂ ᠪᠦᠲᠦᠭᠡᠭᠳᠡᠬᠦᠨ ᠤ | ᠶᠠᠰᠤ ᠴᠢᠨᠠᠷ ᠢᠶᠠᠷ ᠰᠢᠯᠢᠳᠡᠭ᠂ ᠪᠣᠷᠤᠯᠠᠭᠤᠯᠭ᠎ᠠ ᠶᠢᠨ ᠠᠷᠭ᠎ᠠ ᠵᠠᠮ ᠢᠶᠠᠷ ᠥᠷᠭᠡᠨ ᠪᠠ ᠵᠠᠬ᠎ᠠ ᠳᠡᠯᠭᠡᠭᠦᠷ ᠢ ᠡᠵᠡᠯᠡᠬᠦ ᠨᠣᠷᠮ᠎ᠠ ᠪᠠᠷ ᠥᠨᠳᠥᠷ ᠠᠵᠢᠯ ᠲᠥᠷᠥᠯ ᠤᠨ | ᠳᠠᠭᠠᠭᠤᠯᠤᠭᠴᠢ ᠠᠵᠤ ᠠᠬᠤᠶᠢᠯᠠᠯ ᠢ ᠪᠣᠶ ᠪᠣᠯᠭᠠᠨ᠎ᠠ᠃ ᠠᠵᠤ ᠠᠬᠤᠶᠢᠯᠠᠯ ᠤᠨ ᠣᠲᠣ ᠪᠠᠶᠢᠭ᠎ᠠ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠲᠤ ᠰᠢᠨ᠎ᠡ | ᠴᠢᠳᠠᠮᠵᠢ᠂ ᠰᠢᠨ᠎ᠡ ᠦᠢᠯᠡᠳᠬᠦᠨ ᠪᠠ ᠰᠢᠨ᠎ᠡ ᠤᠷᠠᠯᠠᠯ ᠢ ᠰᠤᠳᠤᠯᠤᠨ ᠨᠡᠭᠡᠭᠡᠯᠲᠡ ᠬᠢᠬᠦ ᠶᠢ ᠳᠡᠮᠵᠢᠨ᠎ᠡ᠃ ︵ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ | ᠡᠳ᠋ ᠤᠨ ᠵᠠᠰᠠᠭ ᠤᠨ ᠲᠣᠪᠴᠢᠶ᠎ᠠ︶ | 2. ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭ᠎ᠠ ᠱᠠᠯᠠᠪᠳᠠᠭᠤᠯᠵᠤ᠂ | ᠦᠢᠯᠡᠳᠪᠦᠷᠢᠯᠡᠬᠦ᠂ ᠡᠳ᠋ᠰᠢᠭᠦᠯᠬᠦ᠂ ᠬᠠᠳᠠᠭᠠᠯᠠᠬᠤ᠂ ᠲᠡᠭᠡᠭᠡᠪᠦᠷᠢᠯᠡᠬᠦ ᠪᠠ ᠪᠣᠷᠣᠯᠠᠭᠤᠯᠬᠤ ᠵᠡᠷᠭᠡ ᠡᠯ᠎ᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠦᠷᠢᠶ᠎ᠡ ᠴᠠᠷᠠᠭᠠᠨ ᠤ ᠬᠠᠤᠯᠢ | ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠴᠣᠬᠢᠯᠲᠠ ᠥᠭᠴᠦ᠂ ᠬᠢᠷᠢ ᠲᠡᠩᠴᠡᠬᠦ ᠦᠭᠡᠢ ᠪᠦᠲᠦᠭᠡᠭᠳᠡᠬᠦᠨ ᠤ ᠵᠠᠬ᠎ᠠ ᠳᠡᠯᠭᠡᠭᠦᠷ ᠲᠤ ᠣᠷᠣᠬᠤ ᠶᠢ | ᠬᠤᠷᠢᠭᠯᠠᠨ᠎ᠠ᠃ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠲᠤ ᠣᠷᠣᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠢᠷᠡᠯᠲᠡ ᠶᠢ ᠡᠷᠢᠬᠦ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠪᠠᠷᠢᠮᠵᠢᠶ᠎ᠠ ᠳᠤ ᠬᠦᠷᠦᠭᠰᠡᠨ ᠬᠢᠷᠢ ᠲᠡᠩᠴᠡᠭᠰᠡᠨ ᠦᠨᠡᠮᠯᠡᠯ ᠢ ᠪᠠᠶᠢᠴᠠᠭᠠᠨ ᠰᠢᠯᠭᠠᠨ᠎ᠠ᠃ ᠦᠢᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠵᠤᠷᠰᠢᠯ ᠤᠨ ᠬᠢᠨᠠᠨ ᠬᠡᠮᠵᠢᠯᠲᠡ ︵ᠲᠦᠭᠰᠢᠭᠦᠷᠢ ᠶᠢᠨ ᠬᠢᠨᠠᠨ ᠬᠡᠮᠵᠢᠯᠲᠡ︶ ᠶᠢᠨ ᠰᠤᠭᠤᠯᠤᠨ ᠪᠠᠶᠢᠴᠠᠭᠠᠯᠲᠠ ᠶᠢᠨ ᠥᠯᠢᠭᠡᠷ ᠡᠳ᠋ ᠤᠨ ᠶᠡᠷᠦᠩᠬᠡᠢ | ᠬᠢᠷᠢ ᠲᠡᠩᠴᠡᠭᠰᠡᠨ ᠨᠣᠷᠮ᠎ᠠ ᠶᠢ 98% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ︵ᠲᠦᠷᠦᠭᠦᠯᠡᠬᠦ ᠨᠢᠭᠡᠴᠢ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶ | ︵ᠵᠢᠷᠭᠤᠭ᠎ᠠ︶ ᠪᠠᠲᠤᠯᠠᠨ ᠦᠢᠯᠡᠴᠢᠯᠡᠬᠦ ᠴᠢᠳᠠᠮᠵᠢ ᠶᠢ ᠪᠦᠷᠢᠨᠰᠢᠭᠦᠯᠦᠨ᠎ᠡ | 1. ᠮᠥᠩᠭᠦᠨ ᠭᠦᠢᠯᠭᠡᠭᠡᠨ ᠤ ᠬᠦᠴᠦᠨ ᠣᠯᠭᠤᠬᠤ ᠦᠢᠯᠡᠳᠦᠯ ᠢ ᠪᠠᠳᠠᠷᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠥᠭᠵᠢᠯᠲᠡ ᠶᠢᠨ ᠰᠠᠭᠤᠷᠢ ᠮᠥᠩᠭᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠦᠷᠢ᠂ ᠵᠢᠭᠡᠯᠡᠯᠭᠡ ᠶᠢᠨ ᠳᠠᠮ ᠬᠦᠦ ᠵᠡᠷᠭᠡ | ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ ᠠᠰᠢᠭᠯᠠᠵᠤ᠂ ᠨᠠᠩ ᠣᠯᠠᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ | ᠬᠥᠲᠥᠯᠥᠨ ᠵᠢᠯᠤᠭᠤᠳᠴᠤ ᠪᠠᠶᠢᠭᠠᠳ ︽ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ︾ ᠤᠨ ᠬᠦᠷᠢᠶ᠎ᠡ ᠴᠠᠷᠠᠭᠠᠨ ᠳᠤ | ᠣᠷᠣᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠲᠥᠷᠥᠯ ᠲᠡᠮᠳᠡᠭᠲᠦ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠥᠬᠦ ᠬᠤᠲᠠ ᠶᠢᠨ | ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠶᠢᠯᠡᠰᠵᠢᠯᠲᠡ᠂ ᠲᠥᠷᠥᠯ ᠲᠡᠮᠳᠡᠭᠵᠢᠯᠲᠡ ᠶᠢᠨ ᠬᠥᠭᠵᠢᠯᠲᠡ ᠶᠢ ᠠᠬᠢᠭᠤᠯᠤᠨ᠎ᠠ᠃ ︵ᠲᠦᠷᠦᠭᠦᠯᠡᠬᠦ | ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ ᠶᠢᠨ ᠣᠷᠳᠣᠰ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ︵ | ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ | 2. ᠣᠶᠤᠨᠴᠢ ᠲᠤᠯᠭᠠᠭᠤᠷᠢᠯᠠᠯ ᠢ ᠴᠢᠩᠭᠠᠳᠬᠠᠨ᠎ᠠ᠃ ᠳᠡᠯᠡᠬᠡᠢ ᠶᠢᠨ ᠲᠡᠷᠢᠭᠦᠨ ᠲᠠᠰ ᠤᠨ ᠲᠥᠷᠥᠯ ᠲᠡᠮᠳᠡᠭᠲᠦ ᠶᠢᠨ ᠡᠵᠡᠩᠨᠡᠨ ᠪᠣᠷᠣᠯᠠᠭᠤᠯᠬᠤ ᠣᠶᠤᠨᠴᠢ | ᠬᠥᠮᠥᠷᠭᠡ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠲᠥᠷᠥᠯ ᠲᠡᠮᠳᠡᠭᠲᠦ ᠶᠢ ᠲᠥᠰᠥᠪᠯᠡᠬᠦ ᠪᠠ ᠡᠵᠡᠩᠨᠡᠨ ᠪᠣᠷᠣᠯᠠᠭᠤᠯᠬᠤ ᠠᠵᠢᠯ ᠢ ᠥᠷᠨᠢᠭᠦᠯᠵᠦ᠂ ︽ | ᠳᠤᠯᠠᠭᠠᠨ ᠬᠤᠲᠠ ᠶᠢᠨ ᠲᠠᠩᠰᠤᠭ ᠠᠮᠲᠠ︾ ᠲᠥᠷᠥᠯ ᠲᠡᠮᠳᠡᠭᠲᠦ ᠵᠢᠴᠢ ᠡᠷᠬᠡ ᠣᠯᠭᠤᠭᠰᠠᠨ ᠦᠢᠯᠡᠳᠬᠦᠨ ᠤ ︽ᠰᠤᠳᠤᠯᠤᠨ ᠦᠢᠯᠡᠳᠪᠦᠷᠢᠯᠡᠬᠦ ᠬᠠᠩᠭᠠᠨ | ᠪᠣᠷᠣᠯᠠᠭᠤᠯᠬᠤ ᠲᠡᠭᠡᠭᠡᠪᠦᠷᠢᠯᠡᠬᠦ︾ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠠᠵᠢᠯ ᠲᠥᠷᠥᠯ ᠰᠠᠯᠠᠭ᠎ᠠ ᠮᠥᠴᠢᠷ᠂ ᠶᠡᠭᠡ ᠳᠡᠭᠡᠳᠦ | ᠰᠤᠷᠭᠠᠭᠤᠯᠢ᠂ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠲᠥᠷᠥᠯ ᠲᠡᠮᠳᠡᠭᠲᠦ ᠶᠢᠨ ᠡᠵᠡᠩᠨᠡᠨ | ᠪᠣᠷᠣᠯᠠᠭᠤᠯᠬᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ︽ᠳᠡᠭᠡᠳᠦ ᠰᠤᠷᠭᠠᠭᠤᠯᠢ + ᠴᠢᠳᠠᠪᠤᠷᠢᠲᠠᠨ + ᠠᠵᠤ ᠠᠬᠤᠶᠢᠯᠠᠯ + ᠬᠤᠷᠰᠢᠶ᠎ᠠ + | ᠲᠠᠷᠢᠶᠠᠴᠢᠨ ᠡᠷᠦᠬᠡ︾ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠪᠣᠶ ᠪᠣᠯᠭᠠᠨ᠎ᠠ᠃ ︵ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ︶ | 3. ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠬᠠᠤᠯᠢ ᠲᠣᠭᠲᠠᠭᠠᠯ ᠳᠤ ᠨᠡᠶᠢᠴᠡᠬᠦ᠂ ᠴᠤᠪᠤᠷᠠᠯ ᠨᠢ ᠥᠨᠳᠥᠷ ᠪᠦᠲᠦᠮᠵᠢᠲᠡᠶ ᠪᠥᠭᠡᠳ | ᠲᠥᠬᠦᠮ ᠠᠪᠰᠠᠷᠬᠠᠨ᠂ ᠮᠡᠳᠡᠭᠡ ᠵᠠᠩᠭᠢ ᠶᠢ ᠢᠯᠡ ᠲᠣᠳᠣ ᠪᠠᠶᠢᠯᠭᠠᠬᠤ᠂ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠣᠭᠲᠠᠭᠤᠨ ᠪᠠᠶᠢᠯᠭᠠᠬᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢᠨ ᠪᠠᠶᠢᠷᠢᠰᠢᠯ ᠢ ᠪᠠᠶᠢᠭᠤᠯᠤᠨ᠎ᠠ᠃ ᠠᠵᠢᠯ ᠲᠥᠷᠥᠯ ᠤᠨ ᠨᠡᠶᠢᠭᠡᠮᠯᠢᠭ᠂ ᠨᠡᠶᠢᠭᠡᠮ ᠤᠨ ᠪᠠᠶᠢᠭᠤᠯᠤᠮᠵᠢ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠶᠢᠨ ᠪᠠᠷᠢᠮᠵᠢᠶ᠎ᠠ ᠲᠣᠭᠲᠠᠭᠠᠬᠤ᠂ ᠮᠡᠷᠭᠡᠵᠢᠯ ᠤᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ᠂ ᠲᠤᠬᠠᠶᠢᠯᠠᠭᠰᠠᠨ ᠠᠵᠢᠯ ᠤᠨ | ᠰᠣᠯᠢᠯᠴᠠᠭ᠎ᠠ᠂ ᠲᠥᠷᠥᠯ ᠲᠡᠮᠳᠡᠭᠲᠦ ᠶᠢ ᠪᠣᠶᠢᠵᠢᠭᠤᠯᠬᠤ ᠪᠣᠯᠪᠠᠰᠤᠷᠠᠬᠤ ᠵᠡᠷᠭᠡ ᠠᠵᠢᠯ ᠳᠤ ᠣᠷᠣᠯᠴᠠᠬᠤ ᠶᠢ ᠵᠣᠷᠢᠭᠵᠢᠭᠤᠯᠤᠨ ᠳᠡᠮᠵᠢᠵᠦ᠂ ᠲᠥᠷᠥᠯ ᠲᠡᠮᠳᠡᠭᠲᠦ ᠶᠢᠨ | ᠡᠵᠡᠩᠨᠡᠨ ᠪᠣᠷᠣᠯᠠᠭᠤᠯᠬᠤ ᠪᠦᠷᠢᠨ ᠲᠡᠭᠦᠯᠳᠡᠷ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ︵ᠲᠦᠷᠦᠭᠦᠯᠡᠬᠦ ᠨᠢᠭᠡᠴᠢ᠄ ᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠲᠣᠪᠴᠢᠶ᠎ᠠ ︵ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠦᠢᠯᠡᠳᠪᠦᠷᠢ | ᠬᠤᠳᠠᠯᠳᠤᠭᠠᠨ ᠤ ᠬᠤᠯᠪᠣᠭᠠᠲᠤ ᠬᠤᠷᠠᠯ᠂ ᠬᠤᠲᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠬᠤᠲᠠ ᠶᠢᠨ ᠱᠠᠲᠤᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ | ᠬᠠᠮᠲᠤᠷᠠᠭᠰᠠᠨ ᠬᠤᠷᠠᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠲᠦᠷᠦᠭᠦᠯᠡᠨ | ᠵᠣᠬᠢᠶᠠᠨ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠠᠵᠢᠯ ᠢᠶᠠᠨ ᠠᠬᠢᠭᠤᠯᠤᠭᠰᠠᠨ ᠪᠠᠶᠢᠳᠠᠯ ᠢᠶᠠᠨ ᠳ᠋ᠥᠩᠨᠡᠵᠦ᠂ | ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ᠃ ᠡᠯ᠎ᠡ ᠬᠤᠰᠢᠭᠤ | ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠨᠢᠭᠡ ᠬᠥᠯᠭᠡ ᠰᠢᠲᠠᠷ᠎ᠠ︾ ᠶᠢᠨ ᠦᠵᠡᠯ ᠤᠬᠠᠮᠰᠠᠷ ᠢ ᠪᠠᠲᠤ | ᠪᠠᠬᠢ ᠪᠣᠶ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠦᠢᠯᠡᠳᠭᠦᠨ ᠤ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠨᠡᠶᠢᠲᠡ ᠶᠢᠨ | ᠬᠡᠷᠡᠭᠯᠡᠭᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ᠬᠤᠲᠠ᠂ | ᠬᠤᠰᠢᠭᠤ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠨᠢ ᠵᠢᠯ ᠪᠦᠷᠢ ᠵᠣᠬᠢᠬᠤ ᠬᠡᠪᠴᠢᠶᠡᠨ ᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ | ᠵᠠᠷᠤᠳᠠᠯ ᠢ ᠲᠣᠬᠢᠷᠠᠭᠤᠯᠤᠨ᠎ᠠ᠃ ᠡᠯ᠎ᠡ ᠬᠤᠰᠢᠭᠤ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠡᠯ᠎ᠡ ᠲᠥᠷᠥᠯ ᠤᠨ ᠪᠡᠯᠡ | ᠮᠥᠩᠭᠦ ᠶᠢ ᠨᠢᠭᠡᠳᠦᠯᠲᠡᠢ ᠲᠥᠯᠥᠪᠯᠡᠭᠰᠡᠨ ᠰᠠᠭᠤᠷᠢᠨ ᠳᠡᠭᠡᠷ᠎ᠡ᠂ ᠬᠦᠴᠦᠨ ᠢᠶᠠᠨ ᠲᠥᠪᠯᠡᠷᠡᠭᠦᠯᠦᠨ ᠭᠤᠣᠯᠳᠠᠯᠭ᠎ᠠ ᠲᠠᠢ ᠣᠷᠣᠨ ᠪᠦᠰᠡ ᠪᠠ ᠵᠠᠩᠭᠢᠯᠠᠭ᠎ᠠ ᠶᠢᠨ | ᠭᠤᠭᠴᠤᠭ᠎ᠠ ᠶᠢ ᠳᠡᠮᠵᠢᠵᠦ᠂ ᠲᠡᠳᠬᠦᠬᠦ ᠡᠷᠴᠢᠮ ᠢᠶᠠᠨ ᠴᠢᠩᠭᠠᠷᠠᠭᠤᠯᠤᠨ᠎ᠠ᠃ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠦᠷ᠎ᠡ ᠪᠦᠲᠦᠮᠵᠢ ᠶᠢ | ᠦᠨᠡᠯᠡᠨ ᠵᠢᠱᠢᠬᠦ ᠪᠠ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠨ᠎ᠡ᠃ | ︵ᠭᠤᠷᠪᠠ︶ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠨᠡᠪᠲᠡᠷᠡᠯᠴᠡᠨ ᠵᠣᠯᠭᠠᠭᠤᠯᠬᠤ ᠪᠠᠨ ᠴᠢᠩᠭᠠᠳᠬᠠᠵᠤ᠂ ᠪᠥᠬᠦ ᠬᠤᠲᠠ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠶᠠᠪᠤᠭᠳᠠᠭᠤᠯᠵᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠬᠤᠲᠠ ᠶᠢᠨ ᠰᠢᠭᠤᠳ ᠬᠠᠷᠢᠶ᠎ᠠ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠡᠷᠬᠡ ᠶᠢᠨ ᠬᠢᠵᠠᠭᠠᠷ ᠢᠶᠠᠨ ᠦᠨᠳᠦᠰᠦᠯᠡᠨ ᠬᠤᠯᠪᠤᠭᠠᠯᠠᠨ | ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ | ᠪᠣᠶ ᠪᠣᠯᠭᠠᠨ᠎ᠠ᠃ ᠡᠯ᠎ᠡ ᠬᠤᠰᠢᠭᠤ ᠲᠣᠭᠤᠷᠢᠭ ᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠠᠵᠢᠯ ᠬᠤᠪᠢᠶᠠᠷᠢᠯᠠᠨ | ᠬᠠᠷᠢᠭᠤᠴᠠᠬᠤ᠂ ᠵᠣᠬᠢᠴᠠᠭᠤᠯᠤᠨ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ | ᠣᠯᠬᠤ ᠶᠢ ᠬᠠᠮᠲᠤᠪᠠᠷ ᠠᠬᠢᠭᠤᠯᠤᠨ᠎ᠠ᠃ | |