ᠪᠥᠬᠦ ᠤᠯᠤᠰ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠤᠯᠲᠠ ᠶᠢᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/11/25
             ᠤᠷᠳᠤᠰ ᠵᠠᠰᠠᠭ ᠠᠯᠪᠠᠨ ᠲᠠᠷᠬᠠᠭᠠᠭᠰᠠᠨ ﹇2024﹈ 52 ᠳ᠋ᠤᠭᠠᠷ ᠲᠣᠭᠠᠲᠤ    ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠡᠳᠦᠭᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 12 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ︽ᠣᠷᠳᠣᠰ ᠬᠤᠲᠠ ᠶᠢᠨ ᠪᠥᠬᠦ ᠤᠯᠤᠰ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠬᠢᠷᠠᠭᠵᠢᠭᠤᠯᠤᠯᠲᠠ ᠶᠢᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                             ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                          2024 ᠣᠨ ᠤ 6 ᠳ᠋ᠤᠭᠠᠷ ᠰᠠᠷ᠎ᠠ ᠶᠢᠨ 14᠎ ᠤ ᠡᠳᠦᠷᠣᠷᠳᠣᠰ ᠬᠤᠲᠠ ᠶᠢᠨ ᠪᠥᠬᠦ ᠤᠯᠤᠰ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠬᠢᠷᠠᠭᠵᠢᠭᠤᠯᠤᠯᠲᠠ ᠶᠢᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ         ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠷᠠᠭᠤᠨ ᠣᠷᠣᠨ ᠤ ᠪᠡᠶ᠎ᠡ ᠶᠢᠨ ᠲᠠᠮᠢᠷ ᠤᠨ ᠬᠦᠴᠦᠷᠬᠡᠭ ᠬᠤᠲᠠ ᠶᠢ ᠲᠦᠷᠭᠡᠳᠬᠡᠨ ᠪᠠᠶᠢᠭᠤᠯᠵᠤ᠂ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠬᠢᠷᠠᠭᠵᠢᠭᠤᠯᠤᠯᠲᠠ ᠶᠢᠨ ᠵᠢᠱᠢᠶᠡᠴᠢ ᠬᠤᠲᠠ ᠶᠢ ᠪᠥᠬᠦ ᠲᠠᠯ᠎ᠠ ᠪᠠᠷ ᠡᠭᠦᠳᠦᠨ ᠪᠠᠶᠢᠭᠤᠯᠬᠤ ᠶᠢᠨ ᠲᠤᠰᠠᠳᠠ᠂ ︽ᠬᠤᠶᠠᠳᠤᠭᠠᠷ ᠪᠦᠯᠦᠭ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠬᠢᠷᠠᠭᠵᠢᠭᠤᠯᠤᠯᠲᠠ ᠶᠢᠨ ᠵᠢᠱᠢᠶᠡᠴᠢ ᠬᠤᠲᠠ ︵ᠲᠣᠭᠤᠷᠢᠭ︶ ᠪᠠ  ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠬᠢᠷᠠᠭᠵᠢᠭᠤᠯᠤᠯᠲᠠ ᠶᠢᠨ ᠵᠢᠱᠢᠶᠡᠴᠢ ᠬᠤᠲᠠ ︵ᠣᠷᠣᠨ︶᠎ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠲᠤᠬᠠᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠮᠡᠳᠡᠭᠳᠡᠯ︾ ︵ᠲᠠᠮᠢᠷ ᠣᠯᠠᠨ ᠲᠦᠮᠡᠨ ᠦᠰᠦᠭᠲᠦ ﹇2023﹈ 124 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ ᠲᠣᠰ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠢ ᠱᠠᠭᠠᠷᠳᠠᠯᠭ᠎ᠠ     ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠡᠩ ᠲᠡᠭᠦᠯᠳᠡᠷ ᠪᠦᠬᠦᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠭᠤᠤᠯ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ ᠬᠠᠮᠵᠢᠯᠴᠠᠨ ᠠᠬᠢᠭᠤᠯᠤᠭᠰᠠᠨ᠂ ᠨᠡᠶᠢᠭᠡᠮ ᠤᠨ ᠬᠦᠴᠦᠲᠡᠢ ᠳᠠᠶᠢᠴᠢᠯᠠᠯᠲᠠ ᠲᠠᠢ᠂ ᠣᠯᠠᠨ ᠲᠦᠮᠡᠨ ᠥᠷᠭᠡᠨ ᠢᠶᠠᠷ ᠣᠷᠣᠯᠴᠠᠭᠰᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ ᠶᠢᠨ ᠰᠢᠨ᠎ᠡ ᠪᠠᠶᠢᠷᠢᠰᠢᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠮᠠᠨ ᠤ ᠬᠤᠲᠠ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠨᠡᠨᠬᠦ ᠳᠡᠭᠡᠭᠰᠢᠯᠡᠭᠦᠯᠵᠦ᠂ ᠬᠤᠲᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠣᠯᠠᠨ ᠢ ᠨᠠᠩ ᠣᠯᠠᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠲᠠᠢ ᠪᠣᠯᠭᠠᠨ᠎ᠠ᠃     ︵ᠬᠤᠶᠠᠷ︶ ᠦᠨᠳᠦᠰᠦᠨ ᠵᠠᠷᠴᠢᠮ     1. ᠣᠶᠢᠷ᠎ᠠ ᠬᠠᠪᠢ ᠳᠤ ᠨᠢ ᠳᠥᠬᠦᠮ ᠪᠠᠶᠢᠯᠭᠠᠬᠤ ᠶᠢ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠷ᠎ᠠ ᠬᠠᠪᠢ ᠶᠢᠨ ᠢᠨᠵᠧᠨᠧᠷᠢᠩ ᠢ ᠬᠡᠷᠡᠭᠵᠢᠭᠦᠯᠵᠦ᠂ ᠣᠷᠣᠭᠤᠯᠤᠯᠲᠠ ᠶᠢᠨ ᠪᠠᠲᠤᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠢᠨᠠᠷ ᠰᠠᠶᠢᠲᠠᠶ ᠪᠡᠶ᠎ᠡ ᠶᠢᠨ ᠲᠠᠮᠢᠷ ᠤᠨ ᠡᠬᠢ ᠪᠠᠶᠠᠯᠢᠭ ᠤᠨ ᠬᠠᠩᠭᠠᠯᠭ᠎ᠠ ᠶᠢ ᠪᠦᠲᠦᠮᠵᠢᠲᠡᠶ ᠥᠷᠭᠡᠳᠬᠡᠵᠦ᠂ ᠥᠷᠭᠡᠨ ᠣᠯᠠᠨ ᠲᠦᠮᠡᠨ ᠤ ᠴᠢᠨᠠᠷ ᠰᠠᠶᠢᠲᠠᠶ᠂ ᠣᠯᠠᠨ ᠡᠰᠢᠵᠢᠭᠰᠡᠨ ᠪᠡᠶ᠎ᠡ ᠶᠢᠨ ᠲᠠᠮᠢᠷ ᠤᠨ ᠬᠡᠷᠡᠭᠴᠡᠭᠡ ᠶᠢ ᠬᠠᠩᠭᠠᠨ᠎ᠠ᠃     2.ᠴᠢᠨᠠᠷ ᠰᠠᠶᠢᠲᠠᠢ ᠪᠠᠶᠢᠬᠤ ᠶᠢ ᠡᠩ ᠲᠡᠷᠢᠭᠦᠨ ᠳᠤ ᠪᠠᠷᠢᠮᠲᠠᠯᠠᠨ᠎ᠠ᠃ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢ ᠪᠦᠷᠢᠨᠰᠢᠭᠦᠯᠵᠦ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠣᠳᠠᠲᠤ ᠬᠦᠴᠦᠨ ᠢ ᠴᠢᠩᠭᠠᠳᠬᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠡᠶ᠎ᠡ ᠶᠢᠨ ᠲᠠᠮᠢᠷ ᠤᠨ ᠠᠵᠤ  ᠦᠢᠯᠡᠰ ᠤᠨ ᠣᠯᠠᠨ ᠡᠰᠢᠲᠦ ᠠᠭᠤᠰᠤᠯᠴᠠᠯ ᠤᠨ ᠳᠤᠮᠳᠠ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃     3. ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠎ᠠ᠃ ᠪᠡᠶ᠎ᠡ ᠶᠢᠨ ᠲᠠᠮᠢᠷ ᠤᠨ ᠬᠥᠭᠵᠢᠯᠲᠡ ᠶᠢ ᠬᠢᠵᠠᠭᠠᠷᠯᠠᠵᠤ ᠪᠦᠬᠦᠢ ᠪᠠᠶᠢᠭᠤᠯᠤᠯ ᠲᠣᠭᠲᠠᠴᠠ ᠶᠢᠨ ᠴᠢᠨᠠᠷᠲᠠᠶ ᠬᠠᠷᠰᠢ ᠰᠠᠭᠠᠳ ᠢ ᠡᠷᠡᠰ ᠠᠷᠢᠯᠭᠠᠵᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠪᠡᠶ᠎ᠡ ᠶᠢᠨ ᠲᠠᠮᠢᠷ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠠᠬᠢᠭᠤᠯᠤᠨ᠎ᠠ᠃     4. ᠪᠦᠬᠦ ᠲᠠᠯ᠎ᠠ ᠪᠠᠷ ᠵᠣᠬᠢᠴᠠᠭᠤᠯᠬᠤ ᠶᠢ ᠪᠠᠷᠢᠮᠲᠠᠯᠠᠨ᠎ᠠ᠃ ᠤᠯᠠᠨ ᠲᠦᠮᠡᠨ ᠤ ᠪᠡᠶ᠎ᠡ ᠶᠢᠨ ᠲᠠᠮᠢᠷ᠂ ᠤᠷᠤᠯᠳᠤᠭᠠᠨ ᠤ ᠪᠡᠶ᠎ᠡ ᠶᠢᠨ ᠲᠠᠮᠢᠷ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠪᠠ ᠪᠡᠶ᠎ᠡ ᠶᠢᠨ ᠲᠠᠮᠢᠷ ᠤᠨ ᠠᠵᠤ ᠦᠢᠯᠡᠰ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠶᠢᠷᠡᠭᠦᠯᠦᠨ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠪᠠᠶᠢᠷᠢᠰᠢᠯ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠎ᠠ᠃      ︵ᠭᠤᠷᠪᠠ︶ ᠶᠡᠷᠦᠩᠬᠡᠶ ᠬᠠᠷᠠᠯᠲᠠ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠬᠤᠶᠠᠳᠤᠭᠠᠷ ᠪᠦᠯᠦᠭ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠬᠢᠷᠠᠭᠵᠢᠭᠤᠯᠤᠯᠲᠠ ᠶᠢᠨ ᠵᠢᠱᠢᠶᠡᠴᠢ ᠬᠤᠲᠠ ︵ᠲᠣᠭᠤᠷᠢᠭ︶᠂ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠬᠢᠷᠠᠭᠵᠢᠭᠤᠯᠤᠯᠲᠠ ᠶᠢᠨ ᠵᠢᠱᠢᠶᠡᠴᠢ ᠰᠢᠶᠠᠨ ︵ᠬᠤᠲᠠ᠂ ᠲᠣᠭᠤᠷᠢᠭ︶᠎ ᠢ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠵᠤ᠂ ᠡᠯ᠎ᠡ ᠵᠦᠢᠯ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠪᠦᠲᠦᠮᠵᠢᠲᠡᠶ ᠨᠠᠶᠢᠳᠠᠪᠤᠷᠢᠵᠢᠭᠤᠯᠵᠤ᠂ 2024 ᠣᠨ ᠤ ᠰᠡᠭᠦᠯᠴᠢ ᠪᠣᠯᠬᠤ ᠳᠤ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠬᠦ ᠪᠠᠷ ᠨᠠᠭᠠᠳᠤ ᠵᠠᠬ᠎ᠠ ᠶᠢᠨ ᠱᠠᠭᠠᠷᠳᠠᠯᠭ᠎ᠠ ᠪᠣᠯᠭᠠᠵᠤ᠂ ᠮᠠᠨ ᠤ ᠬᠤᠲᠠ ᠶᠢᠨ 2025 ᠣᠨ ᠪᠣᠯᠬᠤ ᠳᠤ ᠪᠥᠬᠦ ᠤᠯᠤᠰ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠬᠢᠷᠠᠭᠵᠢᠭᠤᠯᠤᠯᠲᠠ ᠶᠢᠨ ᠵᠢᠱᠢᠶᠡᠴᠢ ᠬᠤᠲᠠ ᠶᠢ ᠴᠢᠨᠠᠷ ᠰᠠᠶᠢᠲᠠᠶ ᠪᠠᠶᠢᠭᠤᠯᠤᠨ ᠪᠦᠲᠦᠭᠡᠬᠦ ᠶᠢ ᠦᠨᠡᠨ ᠬᠦ ᠪᠠᠲᠤᠯᠠᠵᠤ᠂ ᠡᠭᠦᠳᠦᠨ ᠪᠠᠶᠢᠭᠤᠯᠬᠤ ᠠᠵᠢᠯ ᠢᠶᠠᠷ ᠣᠷᠳᠣᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠠᠶᠢᠴᠢᠯᠠᠨ᠂ ᠦᠨᠡᠨ ᠪᠣᠳᠠᠲᠠᠶ ᠠᠵᠢᠯ ᠤᠨ ᠠᠷᠭ᠎ᠠ ᠬᠡᠮᠵᠢᠶ᠎ᠡ ᠪᠠ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠷ ᠢᠶᠠᠨ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠴᠢᠩᠭᠠᠳᠬᠠᠵᠤ᠂ ᠣᠯᠠᠨ ᠲᠦᠮᠡᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠶᠢ 80%᠎ ᠠᠴᠠ ᠳᠡᠭᠡᠭᠰᠢ ᠪᠣᠯᠭᠠᠨ᠎ᠠ᠃     ᠬᠤᠶᠠᠷ᠂ ᠭᠤᠣᠯᠳᠠᠯᠭ᠎ᠠ ᠲᠠᠢ ᠡᠭᠦᠷᠭᠡ     ︵ᠨᠢᠭᠡ︶ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠬᠦᠭᠡᠷᠥᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠎ᠡ     ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠳᠥᠬᠦᠭᠡᠷᠦᠮᠵᠢ ᠶᠢᠨ ᠬᠠᠩᠭᠠᠯᠭ᠎ᠠ ᠶᠢ ᠨᠡᠮᠡᠭᠳᠡᠭᠦᠯᠵᠦ᠂ 1 ᠪᠡᠶ᠎ᠡ ᠶᠢᠨ ᠲᠠᠮᠢᠷ ᠤᠨ ᠴᠡᠴᠡᠷᠯᠢᠭ᠂ 3 ᠵᠢᠵᠢᠭ ᠬᠡᠯᠪᠡᠷᠢ ᠶᠢᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ 10 ᠺᠢᠯᠣᠮᠧᠲᠷ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ 3 ᠴᠢᠳᠠᠮᠵᠢᠲᠤ ᠲᠠᠮᠢᠷ ᠤᠨ ᠲᠠᠯᠠᠪᠠᠶ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠶ ᠶᠢᠨ ᠳᠥᠬᠦᠭᠡᠷᠦᠮᠵᠢ ᠶᠢᠨ ᠲᠠᠰ ᠳᠡᠪᠰᠢᠬᠦ ᠶᠢ ᠪᠡᠶᠡᠯᠡᠭᠦᠯᠦᠨ᠎ᠡ᠃ 2024 ᠤᠨ ᠤ ᠰᠡᠬᠦᠯᠴᠢ ᠪᠤᠯᠬᠤ ᠳᠤ᠂ ᠬᠦᠮᠦᠨ ᠳᠤᠮᠳᠠᠴᠢ ᠶᠢᠨ ᠪᠡᠶ᠎ᠡ ᠶᠢᠨ ᠳᠠᠮᠢᠷ ᠤᠨ ᠳᠠᠯᠠᠪᠤᠷ ᠤᠨ ᠳᠠᠯᠠᠪᠠᠢ ᠶᠢ 3.4 ᠳᠡᠭᠰᠢ ᠳᠦᠷᠪᠡᠯᠵᠢᠨ ᠮᠧᠲᠷ ᠬᠦᠷᠬᠡᠵᠤ᠂ ᠠᠳᠠᠯᠢ ᠬᠤᠭᠤᠴᠠᠭᠠᠨ ᠤ ᠪᠦᠬᠦ ᠤᠯᠤᠰ ᠪᠠ ᠦᠪᠡᠷᠳᠡᠭᠡᠨ ᠵᠠᠰᠠᠬᠤ ᠤᠷᠤᠨ ᠤ ᠳᠤᠮᠳᠠᠴᠢ ᠬᠢᠷᠢ ᠲᠦᠪᠰᠢᠨ ᠠᠴᠠ ᠦᠨᠳᠦᠷ ᠪᠠᠶᠢᠯᠭᠠᠨ᠎ᠠ︔ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠥᠬᠦᠭᠡᠷᠦᠮᠵᠢ ᠶᠢ ︽ᠲᠠᠪᠤᠨ ᠨᠢᠭᠡ︾᠎ ᠶᠢᠨ ᠱᠠᠭᠠᠷᠳᠠᠯᠭ᠎ᠠ ᠳᠤ ᠬᠦᠷᠭᠡᠨ᠎ᠡ︔ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠨᠡᠶᠢᠭᠡᠮ ᠳᠤ ᠴᠢᠯᠥᠭᠡᠲᠡᠶ ᠨᠡᠭᠡᠭᠡᠬᠦ ᠡᠵᠡᠯᠡᠬᠦ ᠬᠠᠷᠢᠴᠠᠯ ᠢ ᠠᠳᠠᠭ ᠲᠤ ᠪᠠᠨ 60 % ᠬᠦᠷᠭᠡᠨ᠎ᠡ᠃         ︵ᠬᠤᠶᠠᠷ︶ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠤᠷᠤᠯᠳᠤᠭᠠᠨ ᠤ ᠵᠦᠢᠯᠡᠰ ᠤᠨ ᠠᠵᠢᠯᠯᠠᠭ᠎ᠠ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ     ᠤᠯᠠᠮᠵᠢᠯᠠᠯᠲᠤ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠲᠤ ᠬᠤᠲᠠ᠂ ᠬᠤᠰᠢᠭᠤ ᠲᠣᠭᠤᠷᠢᠭ ᠬᠤᠶᠠᠷ ᠱᠠᠲᠤ ᠴᠥᠮ ᠰᠢᠨ᠎ᠡ ᠵᠢᠯ ᠤᠨ ᠥᠨᠳᠥᠷ ᠲᠤ ᠭᠠᠷᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠶᠠᠪᠤᠬᠤ ᠠᠵᠢᠯᠯᠠᠭ᠎ᠠ᠂ ᠮᠠᠤ ᠽᠧ ᠳ᠋ᠦᠩ ᠨᠥᠬᠦᠷ ᠤᠨ ︽ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠥᠭᠵᠢᠭᠦᠯᠵᠦ᠂ ᠠᠷᠠᠳ ᠲᠦᠮᠡᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠤᠶ᠎ᠠ︾ ᠭᠡᠬᠦ ᠪᠢᠴᠢᠭᠡᠰᠦ ᠪᠢᠴᠢᠭᠰᠡᠨ ᠣᠢ ᠶᠢ ᠳᠤᠷᠠᠰᠬᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠳᠦᠷ᠂ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠵᠡᠷᠭᠡ ᠭᠤᠤᠯ ᠰᠡᠳᠦᠪᠲᠦ ᠠᠵᠢᠯᠯᠠᠭ᠎ᠠ ᠶᠢ ᠡᠷᠭᠢᠯᠡᠬᠦ ᠬᠡᠷᠡᠭᠲᠡᠶ᠃ ᠬᠤᠲᠠ᠂ ᠬᠤᠰᠢᠭᠤ ᠲᠣᠭᠤᠷᠢᠭ ᠤᠨ ᠬᠤᠶᠠᠷ ᠱᠠᠲᠤᠨ ᠳᠤ ᠴᠥᠮ ᠠᠵᠢᠯᠲᠠᠨ ᠠᠵᠢᠯᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠡᠷᠭᠡ ᠶᠡᠷᠦᠩᠬᠡᠶᠢᠯᠡᠭᠰᠡᠨ ᠴᠢᠨᠠᠷᠲᠠᠶ ᠤᠷᠤᠯᠳᠤᠭᠠᠨ ᠤ ᠠᠵᠢᠯᠯᠠᠭ᠎ᠠ ︵ᠤᠷᠤᠯᠳᠤᠭᠠᠨ ᠨᠢᠭᠡᠪᠦᠷᠢ ᠳᠤ ᠠᠳᠠᠭ ᠲᠤ ᠪᠠᠨ10 ᠤᠷᠤᠯᠳᠤᠭᠠᠨ ᠤ ᠲᠥᠷᠥᠯ ᠵᠦᠢᠯ ᠲᠠᠢ ᠪᠠᠶᠢᠬᠤ ᠬᠡᠷᠡᠭᠲᠡᠢ︶ ᠡᠷᠬᠢᠯᠡᠵᠦ᠂ ︽ᠭᠤᠷᠪᠠᠨ ᠶᠡᠭᠡ ᠪᠥᠮᠪᠦᠭᠡ︾᠎ ᠶᠢᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠬᠦ ᠬᠡᠷᠡᠭᠲᠡᠶ᠃ ᠬᠠᠲᠤᠨ ᠭᠤᠤᠯ ᠳᠠᠭᠠᠤ ᠶᠢᠨ ᠶᠢᠰᠦᠨ ᠮᠤᠵᠢ ᠣᠷᠣᠨ ᠤ ᠮᠠᠯᠴᠢᠨ ᠲᠠᠷᠢᠶᠠᠴᠢᠨ ᠤ ᠠᠯᠠᠭᠠᠳᠠᠬᠤ ᠪᠥᠮᠪᠦᠭᠡ ᠶᠢᠨ ᠤᠷᠤᠯᠳᠤᠭᠠᠨ᠂ ᠪᠥᠬᠦ ᠬᠤᠲᠠ ᠶᠢᠨ ᠠᠵᠢᠯᠲᠠᠨ ᠠᠵᠢᠯᠴᠢᠨ ᠤ ᠰᠠᠭᠰᠤᠨ ᠪᠥᠮᠪᠦᠭᠡ ᠶᠢᠨ ᠤᠷᠤᠯᠳᠤᠭᠠᠨ ᠵᠡᠷᠭᠡ ᠬᠤᠲᠠ ᠶᠢᠨ ᠲᠠᠰ ᠤᠨ ᠲᠠᠩ ᠲᠥᠷᠥᠯ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠡᠷᠭᠢᠯᠡᠵᠦ᠂ ᠪᠥᠬᠦ ᠬᠤᠲᠠ ᠶᠢᠨ ᠨᠠᠰᠤᠲᠠᠶᠢᠴᠤᠳ ᠤᠨ ᠡᠭᠦᠳᠡᠨ ᠪᠥᠮᠪᠦᠭᠡ ᠶᠢᠨ ᠤᠷᠤᠯᠳᠤᠭᠠᠨ ᠤ ᠰᠣᠯᠢᠯᠴᠠᠬᠤ ᠠᠵᠢᠯᠯᠠᠭ᠎ᠠ ᠵᠡᠷᠭᠡ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠡᠷᠬᠢᠯᠡᠬᠦ ᠬᠡᠷᠡᠭᠲᠡᠢ᠃ ᠡᠯ᠎ᠡ ᠬᠤᠰᠢᠭᠤ ᠲᠣᠭᠤᠷᠢᠭ ᠨᠡᠶᠢᠭᠡᠮ ᠲᠣᠭᠤᠷᠢᠭ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ 2024 ᠣᠨ ᠤ ᠡᠴᠦᠰ ᠪᠣᠯᠬᠤ ᠳᠤ᠂ ︽ᠪᠥᠬᠦ ᠣᠷᠣᠨ ᠪᠦᠰᠡ ᠶᠢ ᠬᠠᠮᠤᠷᠤᠭᠰᠠᠨ᠂ ᠪᠥᠬᠦ ᠨᠡᠶᠢᠭᠡᠮ ᠢᠶᠠᠷ ᠢᠶᠠᠨ ᠣᠷᠣᠯᠴᠠᠭᠰᠠᠨ᠂ ᠪᠥᠬᠦ ᠬᠥᠮᠦᠰ ᠬᠠᠮᠲᠤ ᠪᠠᠷ ᠡᠳ᠋ᠯᠡᠬᠦ︾ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠤᠯᠳᠤᠭᠠᠨ ᠤ ᠠᠵᠢᠯᠯᠠᠭ᠎ᠠ ᠶᠢ ᠪᠠᠶᠢᠭᠤᠯᠤᠨ ᠪᠦᠷᠢᠨᠰᠢᠬᠦᠯᠬᠦ ᠪᠠᠷ ᠳᠠᠮᠵᠢᠭᠤᠯᠤᠨ᠂ ᠠᠷᠠᠳ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠰᠠᠶᠢᠨ ᠰᠠᠶᠢᠬᠠᠨ ᠪᠡᠶ᠎ᠡ ᠴᠢᠭᠢᠷᠠᠭᠵᠢᠭᠤᠯᠬᠤ ᠳᠠᠳᠬᠠᠯ ᠲᠠᠢ ᠪᠣᠯᠭᠠᠵᠤ᠂ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠪᠠᠶᠢᠩᠭᠤ ᠣᠷᠣᠯᠴᠠᠬᠤ ᠬᠥᠮᠦᠨ ᠤ ᠲᠤᠭ᠎ᠠ ᠶᠢᠨ ᠬᠠᠷᠢᠴᠠᠯ ᠢ 38.5% ᠬᠦᠷᠭᠡᠨ᠎ᠡ᠃     ︵ᠭᠤᠷᠪᠠ︶ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠵᠢᠯᠤᠭᠤᠳᠬᠤ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ     ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢᠨ ᠡᠩᠨᠡᠭᠡ ᠶᠢᠨ ᠪᠠᠶᠢᠭᠤᠯᠤᠯᠲᠠ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠬᠤᠶᠠᠳᠤᠭᠠᠷ ᠳᠡᠰ ᠤᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ 200 ᠬᠥᠮᠦᠨ ᠰᠢᠨ᠎ᠡ ᠪᠠᠷ ᠨᠡᠮᠡᠭᠳᠡᠭᠦᠯᠵᠦ᠂ 2024 ᠣᠨ ᠤ ᠡᠴᠦᠰ ᠲᠤ ᠮᠢᠩᠭᠠᠨ ᠬᠥᠮᠦᠨ ᠨᠢᠭᠡᠪᠦᠷᠢ ᠶᠢᠨ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠣᠭᠴᠢ ᠶᠢ 3.4 ᠬᠥᠮᠦᠨ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠪᠠᠶᠢᠳᠠᠯ ᠤᠨ ᠪᠠᠶᠢᠴᠠᠭᠠᠯᠲᠠ ᠶᠢ ᠠᠬᠢᠭᠤᠯᠵᠤ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢᠨ ᠪᠠᠷᠢᠮᠵᠢᠶ᠎ᠠ ᠳᠤ ᠬᠦᠷᠬᠦ ᠰᠢᠯᠭᠠᠨ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ 2024 ᠣᠨ ᠤ ᠡᠴᠦᠰ ᠪᠣᠯᠬᠤ ᠳᠤ᠂ ᠪᠥᠬᠦ ᠬᠤᠲᠠ ᠶᠢᠨ ᠰᠢᠯᠭᠠᠨ ᠪᠠᠶᠢᠴᠠᠭᠠᠯᠲᠠ ᠶᠢᠨ ᠪᠥᠬᠦ ᠬᠥᠮᠦᠨ ᠤ ᠲᠤᠭ᠎ᠠ ᠨᠢ 1.5 ᠲᠦᠮᠡ ᠠᠴᠠ ᠳᠤᠲᠠᠭᠤ ᠪᠠᠶᠢᠵᠤ ᠪᠣᠯᠬᠤ ᠥᠬᠡᠶ᠃ ᠤᠯᠤᠰ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠪᠠᠶᠢᠴᠠᠭᠠᠨ ᠰᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠯᠤᠰ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠤᠨ ᠰᠢᠯᠭᠠᠨ ᠲᠣᠭᠲᠠᠭᠠᠬᠤ ᠪᠠᠷᠢᠮᠵᠢᠶ᠎ᠠ ᠶᠢᠨ ᠬᠢᠷᠢ ᠲᠡᠩᠴᠡᠭᠰᠡᠨ ᠠᠴᠠ ᠳᠡᠭᠡᠭᠰᠢᠬᠢ ᠬᠠᠷᠢᠴᠠᠯ ᠢ 91.5%᠎ ᠳᠤ ᠬᠦᠷᠦᠭᠦᠯᠵᠦ᠂ ᠤᠯᠤᠰ ᠤᠨ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠷᠢᠮᠵᠢᠶ᠎ᠠ ᠶᠢᠨ ᠰᠢᠯᠢᠳᠡᠭ ᠨᠣᠷᠮ᠎ᠠ ᠶᠢ 40%᠎ ᠠᠴᠠ ᠳᠡᠭᠡᠭᠰᠢ ᠳᠤ ᠬᠦᠷᠦᠭᠦᠯᠦᠨ᠎ᠡ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ︽ᠣᠷᠳᠣᠰ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠢᠺ ᠲᠣᠺ︾᠂ ︽ᠳᠤᠯᠠᠭᠠᠨ ᠬᠤᠲᠠ ᠶᠢᠨ ᠪᠡᠶ᠎ᠡ ᠴᠢᠭᠢᠷᠠᠭᠵᠢᠭᠤᠯᠤᠯᠲᠠ︾ ᠸᠢᠴᠠᠲ ᠤᠨ ᠵᠢᠵᠢᠭ ᠫᠷᠦᠭᠷᠡᠮ ᠵᠡᠷᠭᠡ ᠲᠠᠪᠴᠠᠩ ᠢᠶᠠᠷ ᠳᠠᠮᠵᠢᠭᠤᠯᠤᠨ᠂ ᠨᠡᠶᠢᠭᠡᠮ ᠨᠡᠶᠢᠲᠡ ᠳᠤ ᠲᠠᠯᠠᠪᠤᠷ ᠣᠷᠳᠣᠨ ᠢ ᠤᠷᠢᠳᠴᠢᠯᠠᠨ ᠵᠠᠬᠢᠶᠠᠯᠠᠬᠤ᠂ ᠪᠡᠶ᠎ᠡ ᠴᠢᠭᠢᠷᠠᠭᠵᠢᠭᠤᠯᠬᠤ ᠵᠢᠯᠣᠭᠤᠳᠣᠯᠭ᠎ᠠ ᠵᠡᠷᠭᠡ ᠦᠢᠯᠡᠴᠢᠯᠡᠭᠡ ᠶᠢ ᠬᠠᠩᠭᠠᠨ᠎ᠠ᠃     ︵ᠲᠦᠷᠪᠡ︶ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠨ᠎ᠠ     ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠳᠤ ᠴᠥᠮ ᠪᠡᠶ᠎ᠡ ᠶᠢᠨ ᠲᠠᠮᠢᠷ ᠤᠨ ᠶᠡᠷᠦᠩᠬᠡᠶ ᠨᠡᠶᠢᠬᠡᠮᠯᠢᠭ ᠢ ᠪᠠᠶᠢᠭᠤᠯᠵᠤ᠂ ᠡᠯ᠎ᠡ ᠱᠠᠲᠤᠨ ᠤ ᠪᠡᠶ᠎ᠡ ᠶᠢᠨ ᠲᠠᠮᠢᠷ ᠤᠨ ᠶᠡᠷᠦᠩᠬᠡᠶ ᠨᠡᠶᠢᠬᠡᠮᠯᠢᠭ ᠢᠶᠠᠷ ᠬᠦᠢᠰᠦ ᠪᠣᠯᠭᠠᠭᠰᠠᠨ᠂ ᠡᠯ᠎ᠡ ᠱᠠᠲᠤᠨ ᠤ ᠡᠯ᠎ᠡ ᠲᠥᠷᠥᠯ ᠤᠨ ᠭᠠᠭᠴᠠ ᠲᠥᠷᠥᠯ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠢᠶᠠᠷ ᠲᠤᠯᠭᠠᠭᠤᠷᠢᠯᠠᠯ ᠪᠣᠯᠭᠠᠭᠰᠠᠨ᠂ ᠦᠨᠳᠦᠰᠦᠨ ᠱᠠᠲᠤᠨ ᠤ ᠪᠡᠶ᠎ᠡ ᠶᠢᠨ ᠲᠠᠮᠢᠷ ᠤᠨ ᠵᠣᠬᠢᠶᠠᠨ ᠪᠠᠶᠢᠭᠤᠯᠤᠯᠲᠠ ᠪᠠᠷ ᠭᠤᠤᠯ ᠴᠣᠭᠴᠠ ᠪᠣᠯᠭᠠᠭᠰᠠᠨ᠂ ᠬᠤᠲᠠ ᠬᠥᠳᠡᠭᠡ ᠶᠢ ᠬᠠᠮᠤᠷᠤᠭᠰᠠᠨ᠂ ᠵᠢᠷᠤᠮᠵᠢᠯ ᠲᠠᠢ ᠡᠮᠬᠢ ᠵᠢᠷᠤᠮ ᠲᠠᠢ᠂ ᠠᠮᠢᠵᠢᠷᠠᠯ ᠤᠨ ᠬᠦᠴᠦᠨ ᠲᠠᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠶᠢᠨ ᠰᠦᠯᠵᠢᠶᠡᠨ ᠤ ᠲᠤᠭᠲᠠᠯᠴᠠᠭ᠎ᠠ ᠶᠢ ᠪᠣᠶ ᠪᠣᠯᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ᠎ᠠ᠃ ᠬᠤᠲᠠ ᠶᠢᠨ ᠱᠠᠲᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠤᠭ᠎ᠠ ᠬᠡᠮᠵᠢᠶ᠎ᠡ ᠨᠢ ᠠᠳᠠᠭ ᠲᠤ ᠪᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠶᠡᠷᠦᠩᠬᠡᠢ ᠲᠣᠭᠠᠨ ᠤ 80% ᠬᠦᠷᠴᠦ᠂ ᠬᠤᠰᠢᠭᠤ ᠲᠣᠭᠤᠷᠢᠭ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠲᠤᠭ᠎ᠠ ᠶᠢ ᠠᠳᠠᠭ ᠲᠤ ᠪᠠᠨ ᠬᠤᠲᠠ ᠶᠢᠨ ᠱᠠᠲᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ ᠶᠡᠷᠦᠩᠬᠡᠶ ᠲᠣᠭᠠᠨ ᠤ 70%  ᠪᠠᠶᠢᠯᠭᠠᠨ᠎ᠠ ᠃     ︵ᠲᠠᠪᠤ︶ ᠪᠡᠶ᠎ᠡ ᠶᠢᠨ ᠲᠠᠮᠢᠷ ᠤᠨ ᠠᠵᠤ ᠦᠢᠯᠡᠰ ᠢ ᠤᠯᠠᠨ ᠡᠰᠢᠵᠢᠬᠦᠯᠤᠨ ᠪᠣᠶᠢᠵᠢᠭᠤᠯᠤᠨ ᠬᠦᠭᠵᠢᠬᠦᠯᠤᠨ᠎ᠠ     ᠬᠤᠲᠠ᠂ ᠬᠤᠰᠢᠭᠤ ᠲᠣᠭᠤᠷᠢᠭ ᠬᠤᠶᠠᠷ ᠱᠠᠲᠤ ᠴᠥᠮ ᠵᠠᠰᠠᠭ ᠤᠨ ᠣᠷᠳᠣᠨ ᠤ ᠣᠯᠠᠨ ᠰᠠᠯᠠᠭ᠎ᠠ ᠮᠥᠴᠢᠷ ᠬᠠᠮᠲᠤᠷᠠᠨ ᠠᠵᠢᠯᠯᠠᠵᠤ ᠪᠠᠶᠢᠭ᠎ᠠ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ︽ᠪᠡᠶ᠎ᠡ ᠶᠢᠨ ᠲᠠᠮᠢᠷ +︾᠎ ᠢ ᠠᠭᠤᠰᠤᠯᠴᠠᠭᠤᠯᠤᠨ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠣᠷᠳᠣᠰ ᠤᠨ ᠮᠠᠷᠠᠰᠤᠨ ᠪᠠ ᠮᠠᠰᠢᠨ ᠲᠡᠷᠭᠡᠨ ᠤ ᠨᠠᠭᠠᠳᠤᠮ ᠵᠡᠷᠭᠡ ᠲᠥᠷᠥᠯ ᠲᠡᠮᠳᠡᠭᠲᠦ ᠤᠷᠤᠯᠳᠤᠭᠠᠨ ᠤ ᠠᠵᠢᠯᠯᠠᠭ᠎ᠠ ᠶᠢ ᠡᠷᠭᠢᠯᠡᠵᠦ᠂ ︽ᠣᠷᠳᠣᠰ ᠢ ᠲᠤᠭᠤᠯᠬᠤ︾ ᠪᠡᠶ᠎ᠡ ᠲᠠᠮᠢᠷ ᠵᠢᠭᠤᠯᠴᠢᠯᠠᠯ ᠤᠨ ᠠᠭᠤᠰᠤᠯᠴᠠᠯ ᠤᠨ ᠰᠢᠷᠢᠰ ᠠᠵᠢᠯᠯᠠᠭ᠎ᠠ ᠶᠢ ᠳᠡᠯᠭᠡᠷᠡᠭᠦᠯᠵᠤ᠂ ᠬᠤᠳᠠᠯᠳᠤᠭᠠᠨ ᠤ ᠴᠢᠨᠠᠷᠲᠠᠶ ᠤᠷᠤᠯᠳᠤᠭᠠᠨ ᠢ ᠥᠷᠭᠡᠳᠬᠡᠨ᠂ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠠᠭᠤᠳᠠᠯᠵᠤ᠂ ᠭᠠᠵᠠᠷ ᠣᠷᠣᠨ ᠤ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠶᠡᠷᠦᠩᠬᠡᠶ ᠬᠡᠪᠴᠢᠶ᠎ᠡ᠂ ᠨᠡᠮᠡᠭᠳᠡᠯ ᠥᠷᠲᠡᠭ ᠤᠨ ᠲᠤᠭ᠎ᠠ ᠪᠠᠷᠢᠮᠲᠠ ᠶᠢ ᠪᠦᠷᠢᠳᠬᠡᠬᠦ ᠪᠠ ᠰᠠᠭᠤᠭᠠᠯᠢ ᠠᠷᠠᠳ ᠤᠨ ᠪᠡᠶ᠎ᠡ ᠶᠢᠨ ᠲᠠᠮᠢᠷ ᠤᠨ ᠬᠡᠷᠡᠭᠯᠡᠭᠡᠨ ᠢ ᠪᠦᠷᠢᠳᠬᠡᠨ ᠪᠠᠶᠢᠴᠠᠭᠠᠬᠤ ᠠᠵᠢᠯ ᠢ ᠥᠷᠨᠢᠭᠦᠯᠦᠨ᠎ᠡ᠃     ︵ᠵᠢᠷᠭᠤᠭ᠎ᠠ︶ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠦᠭᠵᠢᠯᠲᠡ ᠶᠢ ᠶᠡᠬᠡᠪᠡᠷ ᠠᠬᠢᠭᠤᠯᠤᠨ᠎ᠠ      ︽ᠬᠤᠲᠠ ᠶᠢᠨ ᠲᠠᠮᠢᠷᠴᠢᠳ ᠤᠨ ᠡᠩᠨᠡᠭᠡ ᠶᠢ ᠰᠤᠷᠭᠠᠭᠤᠯᠢ ᠲᠠᠢ ᠬᠠᠮᠲᠤᠷᠠᠯᠴᠠᠭᠤᠯᠬᠤ︾ ︽ᠬᠤᠲᠠ ᠪᠠ ᠰᠤᠷᠭᠠᠭᠤᠯᠢ ᠬᠤᠯᠪᠣᠭᠠᠯᠠᠨ ᠠᠵᠢᠯᠯᠠᠬᠤ︾᠎ ᠢ ᠬᠡᠷᠡᠭᠵᠢᠭᠦᠯᠵᠦ᠂ ︽ᠨᠠᠷᠠᠲᠤ ᠰᠤᠷᠭᠠᠭᠤᠯᠢ ᠪᠠ ᠨᠠᠷᠠᠲᠤ ᠲᠠᠮᠢᠷᠴᠢᠳ ᠤᠨ ᠠᠩᠭᠢ︾᠎ ᠶᠢ ᠪᠣᠶᠢᠵᠢᠭᠤᠯᠬᠤ ᠪᠠ ᠳᠡᠯᠭᠡᠷᠡᠭᠦᠯᠵᠤ᠂ ︽ᠰᠤᠷᠭᠠᠭᠤᠯᠢ ᠶᠢᠨ ᠬᠤᠭᠤᠷᠣᠨᠳᠣᠬᠢ ᠬᠤᠯᠪᠣᠭᠠᠲᠤ ᠤᠷᠤᠯᠳᠤᠭᠠᠨ︾ ᠪᠠ ︽ᠣᠷᠣᠨ ᠪᠦᠰᠡ ᠶᠢᠨ ᠴᠢᠨᠠᠷᠲᠠᠶ ᠵᠠᠯᠠᠭᠤᠴᠤᠳ ᠪᠠᠭᠠᠴᠤᠳ ᠤᠨ ᠬᠤᠯᠪᠣᠭᠠᠲᠤ ᠤᠷᠤᠯᠳᠤᠭᠠᠨ︾᠎ ᠢ ᠵᠣᠬᠢᠶᠠᠨ ᠪᠠᠶᠢᠭᠤᠯᠵᠤ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠯᠠᠭᠠᠳᠠᠬᠤ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠡᠷᠭᠡ ᠬᠤᠲᠠ ᠶᠢᠨ ᠲᠠᠰ ‍ᠤᠨ‌‍ᠲ᠋ᠠᠭᠤᠷᠢᠶᠠᠯ ᠦᠵᠡᠭᠦᠯᠬᠦ ᠴᠢᠨᠠᠷᠲᠠᠶ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠡᠷᠭᠢᠯᠡᠵᠦ᠂ ᠪᠥᠬᠦ ᠬᠤᠲᠠ ᠶᠢᠨ ᠵᠠᠯᠠᠭᠤᠴᠤᠳ ᠪᠠᠭᠠᠴᠤᠳ ᠤᠨ ᠥᠲᠥᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠵᠡᠷᠭᠡ 5 ᠵᠦᠢᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠬᠤᠰᠢᠭᠤᠨ ᠤ ᠬᠤᠭᠤᠷᠣᠨᠳᠣᠬᠢ ᠪᠠ ᠰᠤᠷᠭᠠᠭᠤᠯᠢ ᠶᠢᠨ ᠬᠤᠭᠤᠷᠣᠨᠳᠣᠬᠢ ᠵᠠᠯᠠᠭᠤᠴᠤᠳ ᠪᠠᠭᠠᠴᠤᠳ ᠤᠨ ᠬᠤᠯᠪᠣᠭᠠᠲᠤ ᠤᠷᠤᠯᠳᠤᠭᠠᠨ ᠢ ᠡᠷᠭᠢᠯᠡᠨ᠎ᠡ᠃ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠢᠯ ᠤᠨ ᠴᠢᠯᠥᠭᠡᠨ ᠤ ᠪᠡᠶ᠎ᠡ ᠶᠢᠨ ᠲᠠᠮᠢᠷ ᠤᠨ ᠰᠤᠷᠭᠠᠭᠤᠯᠢ ᠶᠢ ᠰᠠᠶᠢᠲᠤᠷ ᠪᠠᠶᠢᠭᠤᠯᠵᠤ᠂ ᠤᠯᠤᠰ ᠤᠨ ᠭᠤᠣᠯᠳᠠᠯᠭ᠎ᠠ ᠲᠠᠢ ᠥᠨᠳᠥᠷ ᠬᠢᠷᠢ ᠲᠦᠪᠰᠢᠨ ᠪᠦᠬᠦᠢ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ ᠤᠨ ᠦᠨ᠎ᠡ ᠴᠠᠨ᠎ᠠ ᠶᠢ ᠤᠯᠠᠮ ᠨᠡᠮᠡᠭᠳᠡᠭᠦᠯᠦᠨ᠎ᠡ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠢ ᠰᠤᠷᠭᠠᠭᠤᠯᠢ ᠶᠢᠨ ᠬᠦᠷᠢᠶᠡᠨ ᠳᠤ ᠪᠠᠶᠢᠩᠭᠤᠵᠢᠭᠤᠯᠤᠨ ᠣᠷᠣᠭᠤᠯᠬᠤ ᠲᠣᠭᠲᠠᠴᠠ ᠶᠢ ᠪᠠᠶᠢᠭᠤᠯᠵᠤ᠂ ᠠᠳᠠᠭ ᠲᠤ ᠪᠠᠨ ᠪᠦᠬᠦ ᠬᠤᠲᠠ ᠶᠢᠨ 20 ᠳᠤᠮᠳᠠᠳᠤ ᠪᠠᠭ᠎ᠠ ᠰᠤᠷᠭᠠᠭᠤᠯᠢ ᠶᠢ ᠺᠯᠦ᠋ᠪ ︵ᠪᠣᠯᠪᠠᠰᠤᠷᠠᠯ ᠤᠨ ᠪᠠᠶᠢᠭᠤᠯᠤᠮᠵᠢ︶᠎ ᠳᠤ ᠣᠷᠣᠭᠤᠯᠵᠤ᠂ ᠬᠥᠯ ᠪᠥᠮᠪᠦᠭᠡ᠂ ᠤᠮᠪᠠᠯᠲᠠ᠂ ᠥᠳᠥᠨ ᠪᠥᠮᠪᠦᠭᠡ᠂ ᠫᠤᠤᠳᠠᠯᠭ᠎ᠠ ᠵᠡᠷᠭᠡ ᠤᠷᠤᠯᠳᠤᠭᠠᠨ ᠤ ᠲᠥᠷᠥᠯ ᠤᠨ ᠪᠡᠶ᠎ᠡ ᠶᠢᠨ ᠲᠠᠮᠢᠷ ᠤᠨ ᠲᠥᠷᠥᠯ ᠵᠦᠢᠯ ᠢ ᠲᠦᠭᠡᠮᠡᠯᠵᠢᠭᠦᠯᠦᠨ ᠳᠡᠯᠭᠡᠷᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠪᠤᠶᠤ ᠪᠡᠶ᠎ᠡ ᠶᠢᠨ ᠲᠠᠮᠢᠷ ᠤᠨ ᠪᠣᠯᠪᠠᠰᠤᠷᠠᠯ ᠵᠡᠷᠭᠡ ᠶᠢ ᠥᠷᠨᠢᠭᠦᠯᠦᠨ᠎ᠡ᠃     ︵ᠳᠤᠯᠤᠭ᠎ᠠ︶ ᠣᠨᠴᠠᠯᠢᠭ ᠲᠠᠢ ᠠᠵᠢᠯ ᠢ ᠢᠳᠡᠪᠬᠢᠲᠡᠢ ᠥᠷᠨᠢᠭᠦᠯᠦᠨ᠎ᠡ     1. ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠲᠤᠬᠠᠶ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠳᠠᠭᠤᠷᠢᠶᠠᠯ ᠦᠵᠡᠭᠦᠯᠬᠦ ᠣᠷᠣᠨ ᠢ ᠪᠣᠶ ᠪᠣᠯᠭᠠᠨ᠎ᠠ᠃ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠵᠢᠭᠠᠨ ᠰᠤᠷᠭᠠᠭᠴᠢ ᠶᠢᠨ ᠲᠤᠰᠬᠠᠶ ᠮᠡᠷᠭᠡᠵᠢᠯ ᠤᠨ ᠠᠵᠢᠯ ᠤᠨ ᠪᠠᠶᠢᠷᠢ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠵᠦ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠳᠤ ᠵᠢᠭᠠᠨ ᠰᠤᠷᠭᠠᠭᠴᠢ ᠶᠢᠨ ᠠᠵᠢᠯ ᠤᠨ ᠪᠠᠶᠢᠷᠢ ᠭᠠᠷᠭᠠᠵᠤ᠂ ᠴᠡᠷᠢᠭ ᠤᠨ ᠠᠯᠪᠠ ᠠᠴᠠ ᠪᠠᠭᠤᠭᠰᠠᠨ ᠰᠢᠯᠢᠳᠡᠭ ᠲᠠᠮᠢᠷᠴᠢᠨ ᠪᠠ ᠵᠢᠭᠠᠨ ᠰᠤᠷᠭᠠᠭᠴᠢ ᠶᠢ ᠣᠷᠣᠭᠤᠯᠤᠨ ᠰᠤᠷᠭᠠᠭᠤᠯᠢ ᠳᠤ ᠲᠤᠰᠬᠠᠶ ᠮᠡᠷᠭᠡᠵᠢᠯ ᠤᠨ ᠵᠢᠭᠠᠨ ᠰᠤᠷᠭᠠᠭᠴᠢ ᠪᠣᠯᠭᠠᠵᠤ ᠂ ︽ᠪᠡᠶ᠎ᠡ ᠶᠢᠨ ᠲᠠᠮᠢᠷ ᠤᠨ ᠬᠢᠴᠢᠶᠡᠯ ᠤᠨ ᠪᠠᠭᠰᠢ + ᠲᠤᠰᠬᠠᠶ ᠵᠢᠭᠠᠨ ᠰᠤᠷᠭᠠᠭᠴᠢ︾᠎ ᠶᠢᠨ ᠬᠤᠤᠰ ᠬᠥᠮᠦᠵᠢᠭᠦᠯᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ︽ᠨᠢᠭᠡ ᠰᠤᠷᠭᠠᠭᠤᠯᠢ ᠨᠢᠭᠡ ᠲᠥᠷᠥᠯ ᠲᠡᠮᠲᠡᠭᠲᠦ︾᠎ ᠶᠢᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ︽ᠲᠡᠮᠡᠦᠯᠡᠴᠡᠭᠡᠶ᠎ᠡ ᠪᠠᠭᠠᠴᠤᠳ ᠡ︾ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ 1 - 2 ᠵᠦᠢᠯ ᠤᠨ ᠬᠥᠳᠡᠯᠭᠡᠭᠡᠨ ᠤ ᠤᠷ᠎ᠠ ᠴᠢᠳᠠᠪᠤᠷᠢ ᠶᠢ ᠡᠵᠡᠮᠰᠢᠬᠦ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ︽ᠳᠤᠷ᠎ᠠ ᠰᠣᠨᠢᠷᠬᠠᠯ ᠢᠶᠠᠨ ᠦᠨᠳᠦᠰᠦᠯᠡᠨ ᠠᠩᠭᠢ ᠰᠤᠩᠭᠤᠬᠤ ᠲᠦᠷᠢᠮ︾᠎ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠪᠥᠬᠦ ᠬᠤᠲᠠ ᠳᠤ ︽ᠰᠣᠷᠣᠯᠴᠠᠬᠤ ᠳᠤ ᠪᠡᠯᠡᠳᠬᠡᠯ ᠬᠢᠬᠦ ᠪᠡᠶ᠎ᠡ ᠶᠢᠨ ᠲᠠᠮᠢᠷ︾᠎ ᠤᠨ ᠠᠵᠢᠯᠯᠠᠭ᠎ᠠ ᠶᠢ ᠬᠡᠷᠡᠭᠵᠢᠭᠦᠯᠦᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠰᠢᠯᠭᠠᠭᠤᠯᠬᠤ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 2025 ᠣᠨ ᠪᠣᠯᠬᠤ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠬᠤᠪᠢ ᠶᠢᠨ ᠥᠷᠲᠡᠭ ᠢ 80 ᠬᠤᠪᠢ ᠪᠣᠯᠲᠠᠯ᠎ᠠ ᠨᠡᠮᠡᠭᠳᠡᠭᠦᠯᠵᠦ᠂ ᠵᠠᠯᠠᠭᠤᠴᠤᠳ ᠪᠠᠭᠠᠴᠤᠳ ᠤᠨ ᠰᠣᠶᠣᠯ ᠤᠨ ᠰᠤᠷᠤᠯᠴᠠᠯᠭ᠎ᠠ ᠪᠠ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃      2. ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠨ ᠠᠭᠤᠰᠤᠯᠴᠠᠯ ᠢ ᠠᠬᠢᠭᠤᠯᠤᠨ᠎ᠠ᠃ 2 ᠪᠡᠶ᠎ᠡ ᠶᠢᠨ ᠲᠠᠮᠢᠷ ᠤᠨ ᠡᠷᠡᠭᠦᠯ ᠮᠡᠨᠳᠦ ᠶᠢᠨ ᠲᠥᠪ ᠢ ᠪᠠᠶᠢᠭᠤᠯᠵᠤ᠂ ᠣᠶᠤᠨᠴᠢ ᠬᠠᠮᠢᠶᠠᠷᠤᠯᠲᠠ᠂ ᠣᠶᠤᠨᠴᠢ ᠪᠣᠳᠠᠰ ᠤᠨ ᠬᠤᠯᠪᠣᠭ᠎ᠠ ᠶᠢ ᠬᠠᠩᠭᠠᠬᠤ ᠪᠡᠯᠡᠳᠬᠡᠮᠵᠢ ᠲᠥᠬᠦᠭᠡᠷᠦᠮᠵᠢ ︵ᠲᠣᠭᠠᠴᠢᠯᠠᠭᠰᠠᠨ ᠲᠠᠪᠴᠠᠩ᠂ ᠵᠢᠷᠦᠬᠡᠨ ᠤ ᠳᠠᠪᠲᠠᠮᠵᠢ ᠶᠢ ᠬᠢᠨᠠᠨ ᠬᠡᠮᠵᠢᠬᠦ᠂ ᠤᠶᠤᠨᠴᠢᠯᠠᠭᠰᠠᠨ ᠰᠢᠯᠭᠠᠨ ᠦᠨᠡᠯᠡᠬᠦ ᠪᠠ ᠤᠶᠤᠨᠴᠢᠯᠠᠭᠰᠠᠨ ᠬᠥᠳᠡᠯᠭᠡᠭᠡᠨ ᠤ ᠡᠷᠡᠭᠦᠯ ᠮᠡᠨᠳᠦ ᠶᠢᠨ ᠪᠠᠭᠠᠵᠢ ᠬᠡᠷᠡᠭᠰᠡᠯ ᠵᠡᠷᠭᠡ︶᠎ ᠶᠢ ᠢᠵᠢ ᠪᠦᠷᠢᠳᠦᠭᠦᠯᠦᠨ ᠬᠠᠩᠭᠠᠨ᠎ᠠ᠃ ᠨᠠᠰᠤᠲᠠᠶᠢᠴᠤᠳ ᠲᠤ ᠳᠣᠭᠢᠷᠠᠬᠤ ᠪᠡᠶ᠎ᠡ ᠴᠢᠭᠢᠷᠠᠭᠵᠢᠭᠤᠯᠬᠤ ᠳᠥᠬᠦᠭᠡᠷᠦᠮᠵᠢ ᠶᠢ ᠳᠣᠭᠢᠷᠠᠭᠤᠯᠵᠤ᠂ ᠠᠳᠠᠯᠢ ᠪᠤᠰᠤ ᠨᠠᠰᠤᠨ ᠤ ᠬᠥᠮᠦᠰ ᠲᠤ ᠪᠡᠶ᠎ᠡ ᠮᠠᠬᠠᠪᠣᠳ ᠢ ᠪᠠᠶᠢᠴᠠᠭᠠᠨ ᠰᠢᠯᠭᠠᠬᠤ᠂ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ᠂ ᠪᠠᠭᠠᠵᠢ ᠬᠡᠷᠡᠭᠰᠡᠯ ᠢᠶᠠᠷ ᠳᠠᠪᠲᠠᠨ ᠪᠣᠯᠪᠠᠰᠤᠷᠠᠭᠤᠯᠬᠤ᠂ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ︽ᠨᠢᠭᠡ ᠥᠷᠲᠡᠭᠡᠴᠢᠯᠡᠭᠰᠡᠨ ᠮᠠᠶ᠋ᠢᠭ︾᠎ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠬᠠᠩᠭᠠᠵᠤ᠂ ᠲᠠᠯᠠᠪᠤᠷ ᠭᠠᠵᠠᠷ ᠤᠨ ᠬᠡᠷᠡᠭᠯᠡᠬᠦ ᠨᠣᠷᠮ᠎ᠠ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃        3. ᠪᠥᠬᠦ ᠤᠯᠤᠰ ᠤᠨ ᠬᠥᠯ ᠪᠥᠮᠪᠦᠭᠡ ᠶᠢᠨ ᠬᠥᠭᠵᠢᠯᠲᠡ ᠶᠢᠨ ᠭᠤᠤᠯᠳᠠᠯᠭ᠎ᠠ ᠲᠠᠢ ᠬᠤᠲᠠ ᠶᠢ ᠴᠢᠷᠮᠠᠶᠢᠨ ᠡᠭᠦᠳᠦᠨ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠬᠥᠯ ᠪᠥᠮᠪᠦᠭᠡ ᠶᠢᠨ ᠤᠨᠴᠠᠯᠢᠭᠳᠤ ᠰᠤᠷᠭᠠᠭᠤᠯᠢ ᠶᠢ 5᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ 1᠂ ᠬᠤᠲᠠ ᠶᠢᠨ ᠲᠠᠰ ᠠᠴᠠ ᠳᠡᠭᠡᠭᠰᠢᠬᠢ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠺᠯᠦ᠋ᠪ ᠢ 3 ᠡᠭᠦᠳᠦᠨ ᠪᠠᠶᠢᠭᠤᠯᠤᠨ᠎ᠠ᠃ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠤᠷᠰᠢᠯᠲᠠ ᠶᠢᠨ ᠴᠡᠭ ᠤᠨ ᠬᠤᠰᠢᠭᠤ ᠲᠣᠭᠤᠷᠢᠭ ᠢ 1᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠬᠥᠯ ᠪᠥᠮᠪᠦᠭᠡ ᠶᠢᠨ ᠲᠤᠷᠰᠢᠯᠲᠠ ᠶᠢᠨ ᠴᠡᠭ ᠢ 1 ᠡᠭᠦᠳᠦᠨ ᠪᠠᠶᠢᠭᠤᠯᠤᠨ᠎ᠠ᠃ ᠳᠠᠯᠠᠳ ᠬᠤᠰᠢᠭᠤᠨ ᠤ ᠱᠠᠭᠵᠠᠮᠤᠨᠢ ᠪᠠᠯᠭᠠᠰᠤ ᠶᠢ ︽ᠪᠥᠬᠦ ᠤᠯᠤᠰ ᠤᠨ ᠬᠥᠯ ᠪᠥᠮᠪᠦᠭᠡ ᠶᠢᠨ ᠵᠢᠵᠢᠭ ᠪᠠᠯᠭᠠᠰᠤ︾ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠪᠥᠬᠦ ᠬᠤᠲᠠ ᠶᠢᠨ ᠬᠥᠯ ᠪᠥᠮᠪᠦᠭᠡ ᠨᠠᠭᠠᠳᠬᠤ ᠬᠥᠮᠦᠨ ᠠᠮᠠ 15 ᠲᠦᠮᠡ ᠳᠤ ᠬᠦᠷᠭᠡᠨ᠎ᠡ᠃     4. ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ︽ᠲᠤᠯᠤᠭᠠᠨ 100︾᠎ ᠶᠢᠨ ᠠᠵᠢᠯᠯᠠᠭ᠎ᠠ ᠶᠢ ᠥᠷᠨᠢᠭᠦᠯᠦᠨ᠎ᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠳᠥᠬᠦᠭᠡᠷᠦᠮᠵᠢ ᠶᠢᠨ ᠠᠰᠢᠭᠯᠠᠮᠵᠢ ᠶᠢᠨ ᠨᠣᠷᠮ᠎ᠠ ᠶᠢ100%᠎ ᠳᠤ ᠬᠦᠷᠭᠡᠨ᠎ᠡ︔ ᠰᠢᠨᠵᠢᠯᠡᠬᠦ ᠤᠬᠠᠭᠠᠨᠴᠢ ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠶᠢ 100 ᠬᠤᠭᠤᠴᠠᠭ᠎ᠠ ᠤᠬᠠᠭᠤᠯᠤᠨ ᠳᠡᠯᠭᠡᠷᠡᠭᠦᠯᠦᠨ᠎ᠡ︔ 100 ᠨᠡᠷᠡᠰ ᠨᠡᠶᠢᠭᠡᠮ ᠤᠨ ᠪᠡᠶ᠎ᠡ ᠶᠢᠨ ᠲᠠᠮᠢᠷ ᠤᠨ ᠰᠢᠯᠢᠳᠡᠭ ᠵᠢᠭᠠᠨ ᠵᠢᠯᠣᠭᠤᠳᠣᠭᠴᠢ ᠶᠢ ᠰᠣᠩᠭᠤᠨ ᠲᠣᠮᠢᠯᠠᠵᠤ ᠦᠨᠳᠦᠰᠦᠨ ᠱᠠᠲᠤᠨ ᠳᠤ ᠪᠠᠭᠤᠯᠭᠠᠨ᠎ᠠ︔ ᠨᠠᠰᠤᠨ ᠳᠤ ᠬᠦᠷᠦᠭᠰᠡᠳ ᠬᠥᠮᠦᠨ ᠨᠢᠭᠡᠪᠦᠷᠢ ᠵᠢᠯ ᠳᠤ ᠨᠠᠭᠠᠳᠤ ᠵᠠᠬ᠎ᠠ ᠳᠠᠭᠠᠨ 100 ᠤᠳᠠᠭ᠎ᠠ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠨ᠎ᠠ︔  ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠳᠦᠷ ᠪᠦᠷᠢ ᠶᠢᠨ ᠪᠣᠯᠪᠠᠰᠤᠷᠠᠯ ᠳᠤ ᠣᠷᠣᠯᠴᠠᠬᠤ ᠨᠣᠷᠮ᠎ᠠ ᠶᠢ 100%᠎ ᠳᠤ ᠬᠦᠷᠭᠡᠨ᠎ᠡ ︔ ᠡᠯ᠎ᠡ ᠲᠦᠷᠦᠯ ᠤᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠢ 100 ᠵᠦᠢᠯ ᠥᠷᠨᠢᠭᠦᠯᠦᠨ᠎ᠡ︔ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ 100 %᠎ ᠪᠠᠷ ᠲᠣᠭᠲᠠᠮᠠᠯ ᠬᠤᠭᠤᠴᠠᠭ᠎ᠠ ᠲᠠᠢ ᠪᠠᠷ ᠨᠡᠭᠡᠭᠡᠨ᠎ᠡ᠃     5. ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠥᠨᠳᠥᠷ ᠬᠢᠷᠢ ᠲᠦᠪᠰᠢᠨ ᠪᠥᠬᠦᠶ ᠤᠷᠤᠯᠳᠤᠭᠠᠨ ᠢ ᠣᠷᠣᠭᠤᠯᠤᠨ ᠠᠪᠴᠢᠷᠠᠨ᠎ᠠ᠃ 2024 ᠣᠨ ᠤ ᠪᠥᠬᠦ ᠤᠯᠤᠰ ᠤᠨ ᠫᠢᠩᠫᠠᠩ ᠪᠥᠮᠪᠦᠭᠡ ᠶᠢᠨ ᠮᠠᠩᠯᠠᠶ ᠰᠢᠯᠭᠠᠷᠠᠭᠤᠯᠬᠤ ᠤᠷᠤᠯᠳᠤᠭᠠᠨ ᠵᠡᠷᠭᠡ ᠲᠥᠷᠥᠯ ᠲᠡᠮᠳᠡᠭᠲᠦ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠶ ᠡᠷᠭᠢᠯᠡᠬᠦ ᠪᠠᠷ ᠭᠤᠶᠤᠴᠢᠯᠠᠵᠤ᠂ ᠪᠡᠶ᠎ᠡ ᠶᠢᠨ ᠲᠠᠮᠢᠷ ᠤᠨ ᠭᠠᠳᠠᠭᠠᠳᠤ ᠰᠣᠯᠢᠯᠴᠠᠭ᠎ᠠ ᠪᠠ ᠪᠡᠶ᠎ᠡ ᠶᠢᠨ ᠲᠠᠮᠢᠷ ᠤᠨ ᠰᠣᠶᠣᠯ ᠤᠨ ᠴᠡᠴᠡᠭᠯᠡᠯᠲᠡ ᠶᠢ ᠠᠬᠢᠭᠤᠯᠤᠨ᠎ᠠ᠃     ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠡᠭᠦᠳᠦᠨ ᠪᠠᠶᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠪᠥᠬᠦ ᠬᠤᠲᠠ ᠶᠢᠨ ᠪᠥᠬᠦ ᠠᠷᠠᠳ ᠤᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠤᠯᠲᠠ ᠶᠢᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠦᠷᠢᠯᠳᠦᠬᠦᠨ ᠨᠢᠭᠡᠴᠢ ᠳᠤ ᠤᠬᠠᠭᠤᠯᠭ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠣᠷᠣᠨ ᠲᠤᠭ᠎ᠠ ᠶᠢᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠤᠭ᠎ᠠ ᠪᠦᠷᠢᠳᠬᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠳ᠋ᠠᠶᠢᠲ᠋ᠠ᠂ ᠬᠠᠮ ᠵᠠᠭᠤᠴᠢᠯᠠᠭᠤᠷ ᠤᠨ ᠲᠥᠪ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠪᠠᠭᠲᠠᠭᠠᠵᠤ᠂ ︽ᠤᠯᠤᠰ ᠠᠴᠠ ᠨᠢᠭᠡᠳᠦᠯᠲᠡᠶ ᠲᠥᠯᠥᠪᠯᠡᠬᠦ᠂ ᠥᠪᠡᠷᠲᠡᠭᠡᠨ ᠵᠠᠰᠠᠬᠤ ᠣᠷᠣᠨ ᠠᠴᠠ ᠠᠬᠢᠭᠤᠯᠬᠤ᠂ ᠬᠤᠲᠠ ᠬᠤᠰᠢᠭᠤ ᠠᠴᠠ ᠨᠠᠶᠢᠳᠠᠪᠤᠷᠢᠵᠢᠭᠤᠯᠬᠤ︾ ᠵᠠᠷᠴᠢᠮ ᠶᠣᠰᠣᠭᠠᠷ᠂ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠵᠢᠱᠢᠭᠰᠡᠨ ᠬᠠᠷᠠᠯᠲᠠ ᠳᠠᠭᠠᠨ ᠬᠦᠷᠦᠭᠦᠯᠬᠦ ᠶᠢ ᠪᠥᠬᠦ ᠲᠠᠯ᠎ᠠ ᠪᠠᠷ ᠠᠬᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠣᠨ ᠤ ᠠᠷᠠᠳ ᠲᠤ ᠪᠣᠳᠠᠲᠤ ᠶᠠᠪᠤᠳᠠᠯ ᠬᠢᠵᠦ ᠥᠭᠬᠦ ᠲᠥᠷᠥᠯ ᠵᠦᠢᠯ ᠳᠤ ᠣᠷᠣᠭᠤᠯᠤᠨ᠎ᠠ᠃ ᠵᠠᠷᠤᠳᠠᠯ ᠤᠨ ᠪᠠᠲᠤᠯᠠᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠵᠤ᠂ ᠡᠭᠦᠳᠦᠨ ᠪᠠᠶᠢᠭᠤᠯᠬᠤ ᠵᠠᠷᠤᠳᠠᠯ ᠤᠨ ᠳᠡᠮᠵᠢᠯᠭᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃     ︵ᠬᠤᠶᠠᠷ︶ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠨ᠎ᠠ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠪᠠ ᠦᠢᠯᠡᠴᠢᠯᠡᠭᠡᠨ ᠤ ᠴᠢᠨᠠᠷᠲᠠᠶ ᠣᠨᠴᠠᠯᠢᠭ ᠤᠨ ᠲᠣᠭᠤᠷᠢᠨ ᠳᠤ᠂ ᠬᠤᠲᠠ᠂ ᠬᠤᠰᠢᠭᠤ ᠲᠣᠭᠤᠷᠢᠭ ᠬᠤᠶᠠᠷ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠰᠠᠶᠢᠲᠤᠷ ᠠᠳᠬᠤᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢ ᠨᠠᠩ ᠬᠦᠴᠦᠲᠡᠶ᠂ ᠲᠥᠯᠥᠪᠵᠢᠭᠦᠯᠭᠡ ᠶᠢ ᠨᠠᠩ ᠰᠢᠨᠵᠢᠯᠡᠬᠦ ᠤᠬᠠᠭᠠᠨᠴᠢ᠂ ᠪᠠᠲᠤᠯᠠᠭ᠎ᠠ ᠶᠢ ᠨᠠᠩ ᠴᠢᠩᠭ᠎ᠠ᠂ ᠲᠠᠯᠠᠪᠤᠷ ᠭᠠᠵᠠᠷ ᠢ ᠨᠠᠩ ᠭᠦᠢᠴᠡᠳ᠂ ᠠᠵᠢᠯᠯᠠᠭ᠎ᠠ ᠶᠢ ᠨᠠᠩ ᠪᠠᠶᠠᠯᠢᠭ᠂ ᠦᠢᠯᠡᠴᠢᠯᠡᠭᠡ ᠶᠢ ᠨᠠᠩ ᠰᠢᠯᠢᠳᠡᠭ᠂ ᠤᠷᠤᠯᠴᠠᠯᠭ᠎ᠠ ᠶᠢ ᠨᠠᠩ ᠥᠷᠭᠡᠨ᠂ ᠠᠷᠭ᠎ᠠ ᠵᠠᠮ ᠢ ᠨᠠᠩ ᠣᠶᠤᠨᠴᠢ᠂ ᠪᠥᠬᠦ ᠠᠷᠠᠳ ᠢ ᠨᠠᠩ ᠡᠷᠡᠭᠦᠯ ᠴᠢᠭᠢᠷᠠᠭ ᠪᠣᠯᠭᠠᠬᠤ ᠶᠢ ᠦᠷᠭᠦᠯᠵᠢᠯᠡᠨ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃     ︵ᠭᠤᠷᠪᠠ︶ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠨ᠎ᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠲᠠᠪᠴᠠᠩ ᠢ ᠠᠰᠢᠭᠯᠠᠨ᠂ ᠡᠯ᠎ᠡ ᠱᠠᠲᠤᠨ ᠤ ᠠᠯᠪᠠᠨ ᠤ ᠭᠤᠣᠯ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠲᠠᠪᠴᠠᠩ ᠳᠤ ᠪᠥᠬᠦ ᠠᠷᠠᠳ ᠤᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠤᠯᠲᠠ ᠶᠢᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠪᠥᠬᠦ ᠨᠡᠶᠢᠭᠡᠮ ᠤᠨ ᠪᠥᠬᠦ ᠠᠷᠠᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠪᠡᠶ᠎ᠡ ᠴᠢᠭᠢᠷᠠᠭᠵᠢᠭᠤᠯᠤᠯᠲᠠ ᠶᠢᠨ ᠵᠢᠱᠢᠶᠡᠴᠢ ᠬᠤᠲᠠ ᠶᠢ ᠡᠭᠦᠳᠦᠨ ᠪᠠᠶᠢᠭᠤᠯᠬᠤ ᠳᠤ ᠣᠷᠣᠯᠴᠠᠬᠤ ᠶᠢ ᠳᠠᠶᠢᠴᠢᠯᠠᠨ᠎ᠠ᠃ ᠨᠡᠶᠢᠲᠡᠯᠢᠭ ᠳᠠᠭᠤᠷᠢᠶᠠᠯ ᠦᠵᠡᠭᠦᠯᠬᠦ ᠶᠢ ᠴᠢᠩᠭᠠᠳᠬᠠᠵᠤ᠂ ᠡᠭᠦᠳᠦᠨ ᠪᠠᠶᠢᠭᠤᠯᠤᠭᠰᠠᠨ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠠᠵᠢᠯᠯᠠᠭ᠎ᠠ ᠶᠢᠨ ᠤᠬᠠᠭᠤᠯᠭ᠎ᠠ ᠶᠢᠨ ᠬᠡᠪᠴᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠵᠤ᠂ ᠡᠭᠦᠳᠦᠨ ᠪᠠᠶᠢᠭᠤᠯᠬᠤ ᠠᠵᠢᠯ ᠢ ᠬᠥᠮᠦᠨ ᠪᠦᠬᠦᠨ ᠬᠠᠯᠠᠮᠵᠢᠯᠠᠬᠤ᠂ ᠳᠡᠮᠵᠢᠬᠦ ᠪᠠ ᠣᠷᠣᠯᠴᠠᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ 
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ