ᠬᠠᠲᠤᠨ ᠭᠤᠣᠯ ᠤᠨ ᠤᠷᠳᠤᠰ ᠤᠨ ᠬᠡᠰᠡᠭ ᠲᠤ ᠰᠦᠩ ᠬᠠᠯᠢᠶ᠎ᠠ ᠢᠯᠡᠷᠡᠪᠡ
ᠨᠡᠶᠢᠲᠡᠯᠡᠭᠰᠡᠨ ᠴᠠᠭ᠄
2024/11/28
    ᠬᠦᠢᠲᠡᠨ ᠤᠷᠣᠰᠬᠠᠯ ᠤᠨ ᠨᠥᠯᠥᠭᠡ ᠪᠠᠷ 2024 ᠣᠨ ᠤ 11 ᠰᠠᠷ᠎ᠠ ᠶᠢᠨ 27 ᠎ ᠤ ᠡᠳᠤᠷ ᠤᠨ 9 ᠴᠠᠭ ᠲᠤ ᠬᠠᠲᠤᠨ ᠭᠤᠣᠯ ᠤᠨ ᠬᠠᠩᠬᠢᠨ ᠬᠤᠰᠢᠭᠤᠨ ᠤ ᠲᠣᠭᠤᠶᠢᠲᠠᠯ᠎ᠠ ᠶᠢᠨ ᠭᠡᠰᠡᠭ  ᠲᠤ ᠰᠦᠩ ᠬᠠᠯᠢᠶ᠎ᠠ ᠢᠯᠡᠷᠡᠪᠠ᠃ ᠰᠦᠩ ᠬᠠᠯᠢᠶ᠎ᠠ ᠶᠢᠨ ᠨᠢᠭᠲᠠᠴᠠ ᠨᠢ 10% ᠣᠷᠴᠢᠮ ᠪᠠᠶᠢᠵᠤ᠂ 2023 ᠣᠨ ᠤ ᠬᠢ ᠠᠴᠠ 13 ᠡᠳᠤᠷ ᠬᠤᠶᠢᠰᠢᠯᠠᠪᠠ᠃    ᠬᠠᠲᠤᠨ ᠭᠤᠣᠯ ᠤᠨ ᠳᠠᠯᠠᠳ ᠬᠤᠰᠢᠭᠤᠨ ᠤ ᠬᠡᠰᠡᠭ ᠤᠨ ᠪᠥᠬᠦ ᠤᠷᠤᠰᠬᠠᠯ ᠤᠨ ᠰᠦᠩ ᠬᠠᠯᠢᠶ᠎ᠠ ᠶᠢᠨ ᠨᠢᠭᠲᠠᠴᠠ 5% ~ 20%᠂ ᠬᠠᠲᠤᠨ ᠭᠤᠣᠯ ᠤᠨ ᠵᠡᠭᠦᠨᠭᠠᠷ ᠬᠤᠰᠢᠭᠤᠨ ᠤ ᠬᠡᠰᠡᠭ ᠤᠨ ᠪᠥᠬᠦ ᠤᠷᠣᠰᠬᠠᠯ ᠤᠨ ᠰᠦᠩ ᠬᠠᠯᠢᠶ᠎ᠠ ᠶᠢᠨ ᠨᠢᠭᠲᠠᠴᠠ 10% ~ 20% ᠪᠣᠢ᠃ ᠬᠠᠲᠤᠨ ᠭᠤᠣᠯ ᠤᠨ ᠤᠷᠳᠤᠰ ᠤᠨ ᠬᠡᠰᠡᠭ ᠤᠨ ᠪᠥᠬᠦ ᠤᠷᠤᠰᠬᠠᠯ ᠤᠨ ᠰᠦᠩ ᠬᠠᠯᠢᠶ᠎ᠠ ᠶᠢᠨ ᠨᠢᠭᠲᠠᠴᠠ 5% ~ 30% ᠪᠠᠶᠢᠵᠤ᠂ ᠤᠰᠤᠨ ᠤ ᠤᠷᠣᠰᠬᠠᠯ ᠲᠣᠭᠲᠠᠭᠤᠨ ᠪᠠᠶᠢᠨ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ