ᠲᠡᠮᠦᠷ ᠵᠠᠮ ᠤᠨ ᠰᠠᠯᠠᠭ᠎ᠠ ᠮᠥᠴᠢᠷ ᠤᠨ ︽ᠬᠤᠣᠰ 11︾᠎ ᠶᠢᠨ ᠪᠠᠷᠠᠭᠠᠨ ᠤ ᠲᠡᠭᠡᠭᠡᠪᠦᠷᠢ ᠶᠢᠨ ᠦᠢᠯᠡᠴᠢᠯᠡᠭᠡ ᠡᠬᠢᠯᠡᠪᠡ
ᠨᠡᠶᠢᠲᠡᠯᠡᠭᠰᠡᠨ ᠴᠠᠭ᠄
2024/11/4
    ᠰᠤᠷᠪᠤᠯᠵᠢᠯᠠᠬᠴᠢ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠬᠤᠪᠢᠴᠠᠭᠠᠳᠤ ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ 11 ᠰᠠᠷ᠎ᠠ ᠶᠢᠨ 1᠎ ᠤ ᠡᠳᠦᠷ᠂ 20 ᠡᠳᠦᠷ ᠤᠨ ᠬᠤᠭᠤᠴᠠᠭ᠎ᠠ ᠲᠠᠢ ᠶᠠᠪᠤᠭᠳᠠᠬᠤ ︽ᠬᠤᠣᠰ 11︾᠎ ᠶᠢᠨ ᠰᠦᠯᠵᠢᠶᠡᠨ ᠳᠡᠭᠡᠷ᠎ᠡ ᠠᠴᠠ ᠪᠠᠷᠠᠭ᠎ᠠ ᠠᠪᠬᠤ ᠣᠷᠭᠢᠯ ᠬᠤᠭᠤᠴᠠᠭᠠᠨ ᠤ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠢᠯᠡᠴᠢᠯᠡᠭᠡ ᠵᠢᠩᠬᠢᠨᠢ ᠪᠠᠷ ᠡᠬᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ ᠪᠦᠯᠦᠭᠯᠡᠯ ᠺᠤᠮᠫᠠᠨᠢ ᠶᠢᠨ ᠨᠢᠭᠡᠳᠦᠯᠲᠡᠢ ᠪᠠᠶᠢᠷᠢᠯᠠᠭᠤᠯᠤᠯᠲᠠ ᠪᠠᠷ᠂ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠺᠤᠮᠫᠠᠨᠢ ᠲᠦᠷᠭᠡᠨ ᠤ ᠲᠡᠮᠦᠷ ᠵᠠᠮ ᠤᠨ  ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠢᠳᠡᠪᠬᠢᠲᠡᠢ ᠵᠣᠬᠢᠴᠠᠵᠤ᠂ ᠲᠡᠭᠡᠭᠡᠪᠦᠷᠢ ᠶᠢᠨ ᠬᠦᠴᠦᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠠᠷᠠᠳ ᠣᠯᠠᠨ ᠳᠤ ᠨᠠᠩ ᠠᠮᠤᠷ ᠲᠦᠪᠰᠢᠨ ᠳᠥᠭᠦᠮ ᠳᠥᠲᠡ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠢᠯᠡᠴᠢᠯᠡᠭᠡ ᠬᠠᠩᠭᠠᠬᠤ ᠪᠠᠷ ᠪᠤᠢ᠃    ︽ᠬᠤᠣᠰ 11︾᠎ ᠶᠢᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠢᠯᠡᠴᠢᠯᠡᠭᠡᠨ ᠤ ᠬᠤᠭᠤᠴᠠᠭᠠᠨ ᠳᠤ᠂ ᠲᠡᠮᠦᠷ ᠵᠠᠮ ᠤᠨ ᠰᠠᠯᠠᠭ᠎ᠠ ᠮᠥᠴᠢᠷ ᠠᠴᠠ ᠡᠳᠦᠷ ᠪᠦᠷᠢ ᠸᠠᠭᠤᠨ ᠤ ᠢᠯᠡᠭᠦᠴᠡ ᠣᠷᠣᠨ ᠵᠠᠢ ᠶᠢ ᠠᠰᠢᠭᠯᠠᠭᠰᠠᠨ ᠵᠢᠴᠢ ᠲᠦᠷᠭᠡᠨ ᠲᠡᠭᠡᠭᠡᠪᠦᠷᠢ ᠶᠢᠨ ᠬᠤᠷᠭᠤ ᠲᠠᠢ ᠬᠥᠳᠡᠯᠭᠡᠬᠦ ᠬᠦᠴᠦᠨᠲᠦ ᠭᠠᠯᠲᠤ ᠲᠡᠷᠭᠡ ᠶᠢ 1500᠎ ᠠᠴᠠ ᠳᠡᠭᠡᠭᠰᠢ ᠲᠣᠬᠢᠷᠠᠭᠤᠯᠵᠤ᠂ ᠲᠤᠰᠬᠠᠢ ᠪᠠᠷᠠᠭ᠎ᠠ ᠲᠡᠭᠡᠭᠡᠪᠦᠷᠢᠯᠡᠬᠦ ᠸᠠᠭᠤᠨ ᠲᠠᠢ ᠬᠥᠳᠡᠯᠭᠡᠬᠦ ᠬᠦᠴᠦᠨᠲᠦ ᠭᠠᠯᠲᠤ ᠲᠡᠷᠭᠡ ᠶᠢ 44 ᠲᠣᠬᠢᠷᠠᠭᠤᠯᠵᠤ᠂ ᠥᠷᠯᠥᠭᠡ ᠡᠷᠲᠡ ᠮᠣᠷᠳᠠᠬᠤ ᠠᠶᠠᠨᠴᠢᠳ ᠦᠭᠡᠢ᠂ ᠪᠠᠷᠠᠭ᠎ᠠ ᠠᠴᠢᠶᠠᠯᠠᠵᠤ ᠪᠤᠯᠬᠤ ᠭᠠᠯᠲᠤ ᠲᠡᠷᠭᠡ ᠶᠢ 35 ᠲᠣᠬᠢᠷᠠᠭᠤᠯᠵᠤ᠂ ᠲᠦᠷᠭᠡᠨ ᠤ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠢᠯᠡᠴᠢᠯᠡᠭᠡ ᠥᠷᠨᠢᠭᠦᠯᠦᠨ᠎ᠡ; ᠡᠳᠦᠷ ᠪᠦᠷᠢ ᠪᠠᠷᠠᠭ᠎ᠠ ᠲᠡᠭᠡᠭᠡᠪᠦᠷᠢᠯᠡᠵᠦ ᠪᠤᠯᠬᠤ ᠡᠩ ᠤᠨ ᠬᠤᠷᠳᠤᠴᠠᠲᠤ ᠠᠶᠠᠨᠴᠢᠳ ᠤᠨ ᠭᠠᠯᠲᠤ ᠲᠡᠷᠭᠡ ᠶᠢ 252 ᠲᠣᠬᠢᠷᠠᠭᠤᠯᠵᠤ᠂ ᠪᠡᠭᠡᠵᠢᠩ ᠠᠴᠠ ᠭᠤᠸᠠᠩᠵᠧᠦ ᠬᠦᠷᠬᠦ᠂ ᠪᠡᠭᠡᠵᠢᠩ ᠠᠴᠠ ᠱᠠᠩᠬᠠᠢ ᠬᠦᠷᠬᠦ᠂ ᠱᠠᠩᠬᠠᠢ ᠠᠴᠠ ᠱᠧᠨᠵᠧᠨ ᠬᠦᠷᠬᠦ᠂ ᠵᠧᠵᠢᠶᠠᠩ ᠠᠴᠠ ᠭᠤᠸᠠᠩᠵᠧᠦ ᠬᠦᠷᠬᠦ ᠵᠡᠷᠭᠡ ᠭᠤᠣᠯ ᠲᠡᠮᠦᠷ ᠵᠠᠮ ᠳᠤ ᠬᠠᠮᠤᠭ ᠤᠨ ᠳᠡᠭᠡᠳᠦ ᠴᠠᠭ ᠤᠨ ᠬᠤᠷᠳᠤᠴᠠ ᠨᠢ 160 ᠺᠢᠯᠣᠮᠧᠲᠷ ᠤᠨ ᠣᠨᠴᠠ ᠲᠦᠷᠭᠡᠨ ᠪᠠᠷᠠᠭᠠᠨ ᠤ ᠭᠠᠯᠲᠤ ᠲᠡᠷᠭᠡ ᠶᠢ 8 ᠲᠣᠬᠢᠷᠠᠭᠤᠯᠵᠤ᠂ ᠲᠡᠮᠦᠷ ᠵᠠᠮ ᠤᠨ ᠲᠦᠷᠭᠡᠨ ᠲᠡᠭᠡᠭᠡᠪᠦᠷᠢᠯᠡᠬᠦ ᠦᠢᠯᠡᠴᠢᠯᠡᠭᠡ ᠬᠠᠩᠭᠠᠨ᠎ᠠ; ᠥᠷᠲᠡᠭᠡ ᠶᠢᠨ ᠪᠠᠶᠢᠷᠢᠰᠢᠭᠤᠯᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠶᠢᠨ ᠬᠤᠸᠠ ᠶᠢᠨ ᠡᠮᠦᠨ᠎ᠡ ᠦᠷᠳᠡᠭᠡ᠂ ᠵᠦᠬᠠᠢ ᠵᠡᠷᠭᠡ ᠲᠦᠷᠭᠡᠨ ᠤ ᠲᠡᠮᠦᠷ ᠵᠠᠮ ᠤᠨ ᠥᠷᠲᠡᠭᠡ ᠳᠤ ᠲᠦᠷᠭᠡᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠨᠡᠮᠡᠨ ᠲᠣᠬᠢᠷᠠᠭᠤᠯᠵᠤ᠂ ᠨᠢᠭᠡᠨᠲᠡ 300 ᠭᠠᠷᠤᠢ ᠲᠦᠷᠭᠡᠨ ᠤ ᠲᠡᠮᠦᠷ ᠵᠠᠮ ᠤᠨ ᠥᠷᠲᠡᠭᠡ ᠶᠢ ᠬᠠᠮᠤᠷᠪᠠ᠃    ᠡᠭᠦᠨ ᠠᠴᠠ ᠭᠠᠳᠠᠨ᠎ᠠ᠂ ︽ᠲᠦᠷᠭᠡᠨ ᠤ ᠲᠡᠮᠦᠷ ᠵᠠᠮ ᠤᠨ ᠲᠦᠷᠭᠡᠨ ᠬᠦᠷᠭᠡᠯᠲᠡ︾᠎ ᠶᠢᠨ ᠦᠢᠯᠡᠴᠢᠯᠡᠭᠡ ᠶᠢ ᠨᠢᠭᠡᠨᠲᠡ ᠪᠦᠭᠦ ᠤᠯᠤᠰ ᠤᠨ 182 ᠭᠤᠣᠯ ᠬᠤᠲᠠ ᠳᠤ ᠭᠦᠷᠲᠡᠯ᠎ᠡ ᠥᠷᠭᠡᠳᠬᠡᠪᠡ᠃ ᠲᠡᠮᠦᠷ ᠵᠠᠮ ᠤᠨ ᠰᠠᠯᠠᠭ᠎ᠠ ᠮᠥᠴᠢᠷ ᠬᠤᠷᠢᠶᠠᠨ ᠠᠪᠤᠮᠠᠭᠴᠠ ᠵᠥᠭᠡᠭᠡᠪᠦᠷᠢᠯᠡᠵᠦ ᠬᠦᠷᠭᠡᠬᠦ ᠠᠷᠭ᠎ᠠ ᠮᠠᠶ᠋ᠢᠭ ᠢ ᠠᠪᠴᠤ᠂ ᠴᠠᠭ ᠢ ᠪᠠᠲᠤᠯᠠᠨ᠎ᠠ᠃ ᠠᠮᠤᠷ ᠲᠦᠪᠰᠢᠨ ᠤ ᠱᠠᠭᠠᠷᠳᠠᠯᠭ᠎ᠠ ᠪᠠᠷ ᠥᠨᠳᠥᠷ᠂ ᠨᠢᠭᠤᠴᠠ ᠶᠢ ᠬᠠᠮᠠᠭᠠᠯᠠᠬᠤ ᠴᠢᠬᠤᠯᠠᠲᠠᠢ ᠲᠡᠭᠡᠭᠡᠪᠦᠷᠢ ᠶᠢᠨ ᠬᠡᠷᠡᠭᠴᠡᠭᠡ ᠳᠤ ᠬᠠᠨᠳᠤᠭᠤᠯᠤᠨ᠂ ︽ᠲᠦᠷᠭᠡᠨ ᠤ ᠲᠡᠮᠦᠷ ᠵᠠᠮ ᠤᠨ ᠲᠤᠰᠬᠠᠢ ᠠᠵᠢᠯᠲᠠᠨ ᠬᠦᠷᠭᠡᠬᠦ︾ ᠦᠢᠯᠡᠴᠢᠯᠡᠭᠡ ᠬᠠᠩᠭᠠᠵᠤ᠂ ᠲᠤᠰᠬᠠᠢ ᠬᠥᠮᠥᠨ ᠲᠤᠰᠬᠠᠢ ᠲᠡᠷᠭᠡ ᠪᠠᠷ ᠬᠦᠷᠭᠡᠵᠦ᠂ ᠬᠡᠷᠡᠭᠯᠡᠭᠴᠢᠳ ᠤᠨ ᠠᠳᠠᠯᠢ ᠪᠤᠰᠤ ᠪᠠᠷᠠᠭᠠᠨ ᠤ ᠭᠦᠢᠯᠭᠡᠭᠡ ᠶᠢᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠬᠠᠮᠲᠤ᠂ ᠪᠦᠭᠦ ᠤᠯᠤᠰ ᠤᠨ 231 ᠥᠷᠲᠡᠭᠡᠨ ᠳᠤ ᠲᠠᠯᠪᠢᠭᠰᠠᠨ ᠠᠷᠠᠳ ᠲᠤ ᠲᠥᠭᠦᠮ ᠦᠵᠡᠭᠦᠯᠭᠦ 1200 ᠰᠢᠬᠠᠮ ᠪᠠᠷᠠᠭ᠎ᠠ ᠢᠯᠡᠭᠡᠬᠦ ᠬᠤᠷᠭᠤ ᠶᠢ ᠰᠠᠶᠢᠲᠤᠷ ᠬᠡᠷᠡᠭᠯᠡᠵᠦ᠂ ᠠᠶᠠᠨᠴᠢᠳ ᠤᠨ ᠲᠡᠷᠭᠡᠨ ᠳᠤ ᠠᠪᠴᠤ ᠭᠠᠷᠴᠤ ᠳᠡᠶᠢᠯᠭᠦ ᠦᠭᠡᠢ ᠡᠳ᠋ ᠪᠣᠳᠠᠰ ᠢ ᠢᠯᠡᠭᠡᠬᠦ ᠳᠤ ᠲᠥᠭᠦᠮ ᠦᠵᠡᠭᠦᠯᠦᠨ᠎ᠡ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ