ᠰᠤᠷᠪᠤᠯᠵᠢᠯᠠᠬᠴᠢ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠬᠤᠪᠢᠴᠠᠭᠠᠳᠤ ᠬᠢᠵᠠᠭᠠᠷᠲᠤ ᠺᠤᠮᠫᠠᠨᠢ ᠠᠴᠠ ᠣᠶᠢᠯᠠᠭᠠᠭᠰᠠᠨ ᠢᠶᠠᠷ᠂ 11 | ᠰᠠᠷ᠎ᠠ ᠶᠢᠨ 1 ᠤ ᠡᠳᠦᠷ᠂ 20 ᠡᠳᠦᠷ ᠤᠨ ᠬᠤᠭᠤᠴᠠᠭ᠎ᠠ ᠲᠠᠢ ᠶᠠᠪᠤᠭᠳᠠᠬᠤ ︽ᠬᠤᠣᠰ 11︾ ᠶᠢᠨ ᠰᠦᠯᠵᠢᠶᠡᠨ ᠳᠡᠭᠡᠷ᠎ᠡ ᠠᠴᠠ ᠪᠠᠷᠠᠭ᠎ᠠ ᠠᠪᠬᠤ ᠣᠷᠭᠢᠯ | ᠬᠤᠭᠤᠴᠠᠭᠠᠨ ᠤ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠢᠯᠡᠴᠢᠯᠡᠭᠡ ᠵᠢᠩᠬᠢᠨᠢ ᠪᠠᠷ ᠡᠬᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠮᠦᠷ ᠵᠠᠮ ᠤᠨ | ᠪᠦᠯᠦᠭᠯᠡᠯ ᠺᠤᠮᠫᠠᠨᠢ ᠶᠢᠨ ᠨᠢᠭᠡᠳᠦᠯᠲᠡᠢ ᠪᠠᠶᠢᠷᠢᠯᠠᠭᠤᠯᠤᠯᠲᠠ ᠪᠠᠷ᠂ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠺᠤᠮᠫᠠᠨᠢ ᠲᠦᠷᠭᠡᠨ ᠤ ᠲᠡᠮᠦᠷ | ᠵᠠᠮ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠢᠳᠡᠪᠬᠢᠲᠡᠢ ᠵᠣᠬᠢᠴᠠᠵᠤ᠂ ᠲᠡᠭᠡᠭᠡᠪᠦᠷᠢ ᠶᠢᠨ ᠬᠦᠴᠦᠨ ᠤ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠠᠷᠠᠳ ᠣᠯᠠᠨ ᠳᠤ ᠨᠠᠩ ᠠᠮᠤᠷ ᠲᠦᠪᠰᠢᠨ | ᠳᠥᠭᠦᠮ ᠳᠥᠲᠡ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠢᠯᠡᠴᠢᠯᠡᠭᠡ ᠬᠠᠩᠭᠠᠬᠤ ᠪᠠᠷ ᠪᠤᠢ᠃ | ︽ᠬᠤᠣᠰ 11︾ ᠶᠢᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠦᠢᠯᠡᠴᠢᠯᠡᠭᠡᠨ ᠤ ᠬᠤᠭᠤᠴᠠᠭᠠᠨ ᠳᠤ᠂ ᠲᠡᠮᠦᠷ ᠵᠠᠮ ᠤᠨ ᠰᠠᠯᠠᠭ᠎ᠠ ᠮᠥᠴᠢᠷ ᠠᠴᠠ ᠡᠳᠦᠷ | ᠪᠦᠷᠢ ᠸᠠᠭᠤᠨ ᠤ ᠢᠯᠡᠭᠦᠴᠡ ᠣᠷᠣᠨ ᠵᠠᠢ ᠶᠢ ᠠᠰᠢᠭᠯᠠᠭᠰᠠᠨ ᠵᠢᠴᠢ ᠲᠦᠷᠭᠡᠨ ᠲᠡᠭᠡᠭᠡᠪᠦᠷᠢ ᠶᠢᠨ ᠬᠤᠷᠭᠤ ᠲᠠᠢ ᠬᠥᠳᠡᠯᠭᠡᠬᠦ ᠬᠦᠴᠦᠨᠲᠦ ᠭᠠᠯᠲᠤ ᠲᠡᠷᠭᠡ ᠶᠢ | 1500 ᠠᠴᠠ ᠳᠡᠭᠡᠭᠰᠢ ᠲᠣᠬᠢᠷᠠᠭᠤᠯᠵᠤ᠂ ᠲᠤᠰᠬᠠᠢ ᠪᠠᠷᠠᠭ᠎ᠠ ᠲᠡᠭᠡᠭᠡᠪᠦᠷᠢᠯᠡᠬᠦ ᠸᠠᠭᠤᠨ ᠲᠠᠢ ᠬᠥᠳᠡᠯᠭᠡᠬᠦ ᠬᠦᠴᠦᠨᠲᠦ ᠭᠠᠯᠲᠤ ᠲᠡᠷᠭᠡ ᠶᠢ 44 ᠲᠣᠬᠢᠷᠠᠭᠤᠯᠵᠤ᠂ | ᠥᠷᠯᠥᠭᠡ ᠡᠷᠲᠡ ᠮᠣᠷᠳᠠᠬᠤ ᠠᠶᠠᠨᠴᠢᠳ ᠦᠭᠡᠢ᠂ ᠪᠠᠷᠠᠭ᠎ᠠ ᠠᠴᠢᠶᠠᠯᠠᠵᠤ ᠪᠤᠯᠬᠤ ᠭᠠᠯᠲᠤ ᠲᠡᠷᠭᠡ ᠶᠢ 35 ᠲᠣᠬᠢᠷᠠᠭᠤᠯᠵᠤ᠂ ᠲᠦᠷᠭᠡᠨ ᠤ ᠲᠡᠮᠦᠷ ᠵᠠᠮ ᠤᠨ ᠲᠦᠷᠭᠡᠨ | ᠲᠡᠭᠡᠭᠡᠪᠦᠷᠢ ᠶᠢᠨ ᠦᠢᠯᠡᠴᠢᠯᠡᠭᠡ ᠥᠷᠨᠢᠭᠦᠯᠦᠨ᠎ᠡ; ᠡᠳᠦᠷ ᠪᠦᠷᠢ ᠪᠠᠷᠠᠭ᠎ᠠ ᠲᠡᠭᠡᠭᠡᠪᠦᠷᠢᠯᠡᠵᠦ ᠪᠤᠯᠬᠤ ᠡᠩ ᠤᠨ ᠬᠤᠷᠳᠤᠴᠠᠲᠤ ᠠᠶᠠᠨᠴᠢᠳ ᠤᠨ ᠭᠠᠯᠲᠤ ᠲᠡᠷᠭᠡ ᠶᠢ | 252 ᠲᠣᠬᠢᠷᠠᠭᠤᠯᠵᠤ᠂ ᠪᠡᠭᠡᠵᠢᠩ ᠠᠴᠠ ᠭᠤᠸᠠᠩᠵᠧᠦ ᠬᠦᠷᠬᠦ᠂ ᠪᠡᠭᠡᠵᠢᠩ ᠠᠴᠠ ᠱᠠᠩᠬᠠᠢ ᠬᠦᠷᠬᠦ᠂ ᠱᠠᠩᠬᠠᠢ ᠠᠴᠠ ᠱᠧᠨᠵᠧᠨ ᠬᠦᠷᠬᠦ᠂ ᠵᠧᠵᠢᠶᠠᠩ ᠠᠴᠠ ᠭᠤᠸᠠᠩᠵᠧᠦ | ᠬᠦᠷᠬᠦ ᠵᠡᠷᠭᠡ ᠭᠤᠣᠯ ᠲᠡᠮᠦᠷ ᠵᠠᠮ ᠳᠤ ᠬᠠᠮᠤᠭ ᠤᠨ ᠳᠡᠭᠡᠳᠦ ᠴᠠᠭ ᠤᠨ ᠬᠤᠷᠳᠤᠴᠠ ᠨᠢ 160 ᠺᠢᠯᠣᠮᠧᠲᠷ ᠤᠨ ᠣᠨᠴᠠ ᠲᠦᠷᠭᠡᠨ ᠪᠠᠷᠠᠭᠠᠨ ᠤ ᠭᠠᠯᠲᠤ ᠲᠡᠷᠭᠡ ᠶᠢ | 8 ᠲᠣᠬᠢᠷᠠᠭᠤᠯᠵᠤ᠂ ᠲᠡᠮᠦᠷ ᠵᠠᠮ ᠤᠨ ᠲᠦᠷᠭᠡᠨ ᠲᠡᠭᠡᠭᠡᠪᠦᠷᠢᠯᠡᠬᠦ ᠦᠢᠯᠡᠴᠢᠯᠡᠭᠡ ᠬᠠᠩᠭᠠᠨ᠎ᠠ; ᠥᠷᠲᠡᠭᠡ ᠶᠢᠨ ᠪᠠᠶᠢᠷᠢᠰᠢᠭᠤᠯᠤᠯᠲᠠ ᠪᠠ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠶᠢᠨ ᠬᠤᠸᠠ ᠶᠢᠨ ᠡᠮᠦᠨ᠎ᠡ ᠦᠷᠳᠡᠭᠡ᠂ ᠵᠦᠬᠠᠢ ᠵᠡᠷᠭᠡ ᠲᠦᠷᠭᠡᠨ ᠤ ᠲᠡᠮᠦᠷ ᠵᠠᠮ ᠤᠨ ᠥᠷᠲᠡᠭᠡ ᠳᠤ ᠲᠦᠷᠭᠡᠨ | ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠨᠡᠮᠡᠨ ᠲᠣᠬᠢᠷᠠᠭᠤᠯᠵᠤ᠂ ᠨᠢᠭᠡᠨᠲᠡ 300 ᠭᠠᠷᠤᠢ ᠲᠦᠷᠭᠡᠨ ᠤ ᠲᠡᠮᠦᠷ ᠵᠠᠮ ᠤᠨ ᠥᠷᠲᠡᠭᠡ ᠶᠢ ᠬᠠᠮᠤᠷᠪᠠ᠃ | ᠡᠭᠦᠨ ᠠᠴᠠ ᠭᠠᠳᠠᠨ᠎ᠠ᠂ ︽ᠲᠦᠷᠭᠡᠨ ᠤ ᠲᠡᠮᠦᠷ ᠵᠠᠮ ᠤᠨ ᠲᠦᠷᠭᠡᠨ ᠬᠦᠷᠭᠡᠯᠲᠡ︾ ᠶᠢᠨ ᠦᠢᠯᠡᠴᠢᠯᠡᠭᠡ ᠶᠢ ᠨᠢᠭᠡᠨᠲᠡ ᠪᠦᠭᠦ ᠤᠯᠤᠰ ᠤᠨ 182 ᠭᠤᠣᠯ | ᠬᠤᠲᠠ ᠳᠤ ᠭᠦᠷᠲᠡᠯ᠎ᠡ ᠥᠷᠭᠡᠳᠬᠡᠪᠡ᠃ ᠲᠡᠮᠦᠷ ᠵᠠᠮ ᠤᠨ ᠰᠠᠯᠠᠭ᠎ᠠ ᠮᠥᠴᠢᠷ ᠬᠤᠷᠢᠶᠠᠨ ᠠᠪᠤᠮᠠᠭᠴᠠ ᠵᠥᠭᠡᠭᠡᠪᠦᠷᠢᠯᠡᠵᠦ ᠬᠦᠷᠭᠡᠬᠦ ᠠᠷᠭ᠎ᠠ ᠮᠠᠶ᠋ᠢᠭ ᠢ ᠠᠪᠴᠤ᠂ ᠴᠠᠭ ᠢ | ᠪᠠᠲᠤᠯᠠᠨ᠎ᠠ᠃ ᠠᠮᠤᠷ ᠲᠦᠪᠰᠢᠨ ᠤ ᠱᠠᠭᠠᠷᠳᠠᠯᠭ᠎ᠠ ᠪᠠᠷ ᠥᠨᠳᠥᠷ᠂ ᠨᠢᠭᠤᠴᠠ ᠶᠢ ᠬᠠᠮᠠᠭᠠᠯᠠᠬᠤ ᠴᠢᠬᠤᠯᠠᠲᠠᠢ ᠲᠡᠭᠡᠭᠡᠪᠦᠷᠢ ᠶᠢᠨ ᠬᠡᠷᠡᠭᠴᠡᠭᠡ ᠳᠤ ᠬᠠᠨᠳᠤᠭᠤᠯᠤᠨ᠂ | ︽ᠲᠦᠷᠭᠡᠨ ᠤ ᠲᠡᠮᠦᠷ ᠵᠠᠮ ᠤᠨ ᠲᠤᠰᠬᠠᠢ ᠠᠵᠢᠯᠲᠠᠨ ᠬᠦᠷᠭᠡᠬᠦ︾ ᠦᠢᠯᠡᠴᠢᠯᠡᠭᠡ ᠬᠠᠩᠭᠠᠵᠤ᠂ ᠲᠤᠰᠬᠠᠢ ᠬᠥᠮᠥᠨ ᠲᠤᠰᠬᠠᠢ ᠲᠡᠷᠭᠡ ᠪᠠᠷ ᠬᠦᠷᠭᠡᠵᠦ᠂ ᠬᠡᠷᠡᠭᠯᠡᠭᠴᠢᠳ ᠤᠨ | ᠠᠳᠠᠯᠢ ᠪᠤᠰᠤ ᠪᠠᠷᠠᠭᠠᠨ ᠤ ᠭᠦᠢᠯᠭᠡᠭᠡ ᠶᠢᠨ ᠬᠡᠷᠡᠭᠴᠡᠭᠡ ᠶᠢ ᠨᠠᠩ ᠰᠠᠶᠢᠨ ᠬᠠᠩᠭᠠᠬᠤ ᠶᠢᠨ ᠬᠠᠮᠲᠤ᠂ ᠪᠦᠭᠦ ᠤᠯᠤᠰ ᠤᠨ 231 ᠥᠷᠲᠡᠭᠡᠨ ᠳᠤ ᠲᠠᠯᠪᠢᠭᠰᠠᠨ | ᠠᠷᠠᠳ ᠲᠤ ᠲᠥᠭᠦᠮ ᠦᠵᠡᠭᠦᠯᠭᠦ 1200 ᠰᠢᠬᠠᠮ ᠪᠠᠷᠠᠭ᠎ᠠ ᠢᠯᠡᠭᠡᠬᠦ ᠬᠤᠷᠭᠤ ᠶᠢ ᠰᠠᠶᠢᠲᠤᠷ ᠬᠡᠷᠡᠭᠯᠡᠵᠦ᠂ ᠠᠶᠠᠨᠴᠢᠳ ᠤᠨ ᠲᠡᠷᠭᠡᠨ ᠳᠤ ᠠᠪᠴᠤ ᠭᠠᠷᠴᠤ ᠳᠡᠶᠢᠯᠭᠦ | ᠦᠭᠡᠢ ᠡᠳ᠋ ᠪᠣᠳᠠᠰ ᠢ ᠢᠯᠡᠭᠡᠬᠦ ᠳᠤ ᠲᠥᠭᠦᠮ ᠦᠵᠡᠭᠦᠯᠦᠨ᠎ᠡ᠃ | | | |