ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠲᠤᠬᠠᠢ ᠶᠢᠨ ᠲᠠᠯᠠᠪᠤᠷ ᠤᠨ ᠪᠣᠯᠪᠠᠰᠤᠷᠠᠯ ᠤᠨ ᠬᠤᠷᠠᠯ ᠮᠠᠨ ᠤ ᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/11/5
    11 ᠰᠠᠷ᠎ᠠ ᠶᠢᠨ 4 ᠎ ᠤ ᠡᠳᠤᠷ᠂ 2024 ᠣᠨ ᠤ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠲᠤᠬᠠᠢ ᠶᠢᠨ ᠲᠡᠯᠠᠪᠤᠷ ᠤᠨ ᠪᠣᠯᠪᠠᠰᠤᠷᠠᠯ ᠤᠨ ᠬᠤᠷᠠᠯ ᠮᠠᠨ ᠤ ᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ 37 ᠲᠢᠩᠬᠢᠮ ᠲᠣᠪᠴᠢᠶ᠎ᠡ ᠨᠢᠭᠡᠴᠢ ᠪᠠ ᠬᠤᠯᠪᠣᠭᠳᠠᠯ ᠪᠦᠬᠦᠢ ᠠᠵᠤ ᠠᠬᠤᠶᠢᠯᠠᠯ ᠵᠢᠴᠢ ᠡᠯ᠎ᠡ ᠠᠶᠢᠮᠠᠭ ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢᠨ ᠲᠦᠷᠦᠭᠦᠯᠡᠬᠦ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠲᠤᠬᠠᠶᠢᠯᠠᠭᠰᠠᠨ ᠠᠵᠢᠯ ᠤᠨ ᠭᠠᠷᠮᠠᠭᠠᠢ ᠠᠵᠢᠯᠲᠠᠨ ᠪᠣᠯᠪᠠᠰᠤᠷᠠᠯ ᠳᠤ ᠣᠷᠣᠯᠴᠠᠪᠠ᠃    ᠪᠣᠯᠪᠠᠰᠤᠷᠠᠯ ᠤᠨ ᠬᠤᠷᠠᠯ ᠭᠤᠷᠪᠠᠨ ᠡᠳᠤᠷ ᠶᠠᠪᠤᠭᠳᠠᠬᠤ ᠪᠠᠷ ᠪᠠᠶᠢᠵᠤ᠂ ᠬᠤᠷᠠᠯ ᠳᠤ ᠣᠷᠣᠯᠴᠠᠭᠰᠠᠳ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠠᠵᠢᠯ ᠤᠨ ᠲᠣᠭᠤᠷᠢᠨ ᠳᠤ ᠲᠤᠬᠠᠢ ᠶᠢᠨ ᠲᠠᠯᠠᠪᠠᠢ ᠶᠢᠨ ᠰᠣᠯᠢᠯᠴᠠᠭ᠎ᠠ ᠪᠠ ᠨᠡᠶᠢᠳᠡᠯᠢᠭ ᠵᠢᠱᠢᠶ᠎ᠠ ᠶᠢᠨ ᠶᠠᠷᠢᠶ᠎ᠠ ᠲᠠᠯᠪᠢᠬᠤ ᠶᠢᠨ ᠬᠠᠮᠲᠤ ᠤᠷᠳᠤᠰ ᠬᠤᠲᠠ ᠶᠢᠨ ᠨᠡᠭᠦᠷᠡᠰᠤᠳᠥ᠋ᠷᠤᠭ᠍ᠴᠢ ᠦᠯᠤ ᠭᠠᠲᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ᠂ ᠤᠷᠳᠤᠰ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠤᠷᠳᠤᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ ᠭᠠᠵᠠᠷ ᠢᠶᠠᠷ ᠬᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠠ᠃ ᠤᠯᠤᠰ ᠤᠨ ᠲᠣᠲᠤᠭᠠᠲᠤ ᠶᠢᠨ ᠲᠡᠷᠢᠭᠦᠨ ᠤ ᠭᠠᠵᠠᠷ ᠣᠷᠣᠨ ᠤ ᠦᠭᠡᠷᠡᠴᠢᠯᠠᠯᠲᠠ ᠶᠢᠨ ᠲᠤᠷᠰᠢᠯᠭ᠎ᠠ ᠠᠷᠭ᠎ᠠ ᠪᠠᠷᠢᠯ ᠳᠤ ᠵᠠᠳᠠᠯᠤᠯᠲᠠ ᠬᠢᠵᠦ᠂ ᠲᠠᠷᠢᠭᠦᠨ ᠤ ᠬᠢ ᠲᠠᠢ ᠬᠠᠷᠭᠤᠭᠤᠯᠤᠨ ᠵᠥᠷᠢᠶ᠎ᠡ ᠪᠠᠨ ᠣᠨᠣᠪᠴᠢᠲᠡᠢ ᠡᠷᠢᠵᠦ᠂ ︽ᠦᠨᠳᠣᠷ ᠪᠦᠲᠣᠮᠵᠢᠲᠡᠢ ᠪᠠᠷ ᠨᠢᠭᠡ ᠶᠠᠪᠤᠳᠠᠯ ᠢ ᠪᠦᠲᠦᠭᠡᠬᠦ︾ ᠦᠭᠡᠷᠡᠴᠢᠯᠡᠯᠲᠡ ᠶᠢ ᠪᠦᠬᠦ ᠲᠠᠯ᠎ᠠ  ᠪᠠᠷ ᠠᠬᠢᠭᠤᠯᠤᠨ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠭ᠎ᠠ ᠪᠠᠷᠢᠮᠲᠠ ᠶᠢᠨ ᠳᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠰᠢᠰᠲ᠋ᠧᠮ ᠢ ︽ᠨᠢᠭᠡ ᠰᠦᠯᠵᠢᠶ᠎ᠠ︾᠎ ᠲᠠᠢ ᠪᠥᠬᠦ ᠲᠠᠯ᠎ᠠ ᠪᠠᠷ ᠵᠤᠯᠭᠠᠭᠤᠯᠬᠤ ᠶᠢ ᠠᠬᠢᠭᠤᠯᠵᠤ᠂︽ᠲᠤᠭ᠎ᠠ ᠪᠠᠷᠢᠮᠲᠠ ᠶᠢᠨ ᠥᠨᠤᠴᠢᠨ ᠠᠷᠠᠯ︾  ︽ᠮᠡᠳᠡᠭᠡ ᠵᠠᠩᠬᠢ ᠶᠢᠨ ᠪᠣᠭᠤᠮᠢ︾᠎ ᠶᠢ ᠲᠦᠶᠢᠯᠪᠤᠷᠢᠲᠠᠢ ᠨᠡᠪᠲᠡᠷᠡᠭᠦᠯᠦᠨ ︽ᠲᠤᠭ᠎ᠠ ᠪᠠᠷᠢᠮᠲᠠ ᠶᠢ ᠢᠯᠡᠭᠦᠦ ᠬᠦᠶᠦᠯᠭᠡᠵᠦ᠂ ᠤᠯᠠᠨ ᠲᠦᠮᠡᠨ ᠢ ᠲᠤᠲᠠᠭᠤ ᠭᠦᠶᠦᠯᠭᠡᠬᠦ︾᠎ ᠶᠢ ᠪᠡᠶᠡᠯᠡᠭᠦᠯᠦᠨ᠎ᠠ᠃ ᠪᠥᠬᠦ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠰᠢᠯᠢᠳᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠡᠯ᠎ᠡ ᠲᠦᠷᠤᠯ ᠤᠨ ᠠᠵᠢᠯ ᠤᠨ ᠴᠢᠨᠠᠷᠵᠢᠯ ᠢ ᠳᠡᠭᠡᠭᠰᠢᠯᠡᠭᠦᠯᠦᠨ ᠲᠡᠰ ᠳᠡᠪᠰᠢᠭᠦᠯᠬᠦ ᠶᠢ ᠪᠥᠬᠦ ᠬᠦᠴᠣᠨ ᠢᠶᠠᠷ ᠢᠶᠠᠨ ᠠᠬᠢᠭᠤᠯᠤᠨ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ