ᠣᠷᠳᠣᠰ ᠬᠤᠳᠠ ᠪᠦᠭᠦ ᠪᠥᠮᠪᠥᠷᠴᠡᠭ ᠤᠨ ᠬᠤᠶᠠᠳᠤᠭᠠᠷ ᠬᠤᠭᠤᠴᠠᠭᠠᠨ ᠤ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠭ᠋ᠠᠷᠬᠠᠯᠳᠤ ᠬᠤᠲᠠ︾᠎ ᠪᠠᠷ ᠲᠣᠳᠣᠷᠠᠯ᠎ᠠ
ᠨᠡᠶᠢᠲᠡᠯᠡᠭᠰᠡᠨ ᠴᠠᠭ᠄
2024/11/6
    ᠰᠤᠷᠪᠤᠯᠵᠢᠯᠠᠬᠴᠢ ᠣᠷᠳᠣᠰ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠤᠬᠠᠢ ᠶᠢᠨ ᠭᠠᠵᠠᠷ ᠤᠨ ᠴᠠᠭ ᠎ ᠢᠶᠠᠷ 10 ᠰᠠᠷ᠎ᠠ ᠶᠢᠨ 26᠎ ᠤ ᠡᠳᠦᠷ᠂ ᠺᠣᠯᠣᠮᠪᠢᠶ᠎ᠠ ᠶᠢᠨ ᠺᠠᠯᠢ ᠬᠤᠲᠠ ᠳᠤ ᠶᠠᠪᠤᠭᠳᠠᠭᠰᠠᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠠᠮᠢᠳᠤ ᠪᠣᠳᠠᠰ ᠎ ᠤᠨ ᠣᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ︾᠎ ᠶᠢᠨ ᠠᠷᠪᠠᠨ ᠵᠢᠷᠭᠤᠳᠤᠭᠠᠷ ᠤᠳᠠᠭᠠᠨ ᠤ ᠶᠡᠭᠡ ᠬᠤᠷᠠᠯ ︵COP16︶᠎ ᠠᠴᠠ ᠬᠤᠶᠠᠳᠤᠭᠠᠷ ᠬᠤᠭᠤᠴᠠᠭᠠᠨ ᠤ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠠᠭ᠋ᠠᠷᠬᠠᠯᠳᠤ ᠬᠤᠲᠠ︾᠎ ᠶᠢᠨ ᠨᠡᠷᠡᠰ ᠢ ᠨᠡᠶᠢᠲᠡᠯᠡᠵᠡᠢ᠂ ᠡᠭᠦᠨ ᠳᠤ ᠮᠠᠨ ᠤ ᠣᠷᠣᠨ ᠤ ᠣᠷᠳᠣᠰ ᠬᠤᠲᠠ ᠰᠣᠩᠭᠤᠭᠳᠠᠵᠠᠢ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠬᠤᠷᠠᠯ ᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ︽ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠎ ᠤᠨ ᠨᠡᠶᠢᠲᠡ ᠶᠢᠨ ᠭᠡᠷ᠎ᠡ︾᠎ ᠶᠢᠨ ᠨᠠᠷᠢᠨ ᠪᠢᠴᠢᠭ ᠤᠨ ᠭᠠᠵᠠᠷ᠂ ᠢ ᠺᠧ ᠴᠧᠩ ︱ ᠣᠷᠣᠨ ᠨᠤᠲᠤᠭ ᠤᠨ ᠦᠷᠭᠦᠯᠵᠢᠯᠡᠬᠦ ᠬᠥᠭᠵᠢᠯᠲᠡ ᠶᠢᠨ ᠨᠡᠶᠢᠭᠡᠮᠯᠢᠭ︵ICLEI︶᠂ ᠦᠷᠭᠦᠯᠵᠢᠯᠡᠬᠦ ᠬᠥᠭᠵᠢᠯᠲᠡ ᠶᠢᠨ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ︵Regions4︶ ᠪᠣᠯᠣᠨ ᠺᠣᠯᠣᠮᠪᠢᠶ᠎ᠠ ᠶᠢᠨ ᠺᠠᠯᠢ ᠬᠤᠲᠠ ᠬᠠᠮᠲᠤᠷᠠᠨ ᠡᠷᠭᠢᠯᠡᠵᠦ᠂ ᠪᠦᠭᠦ ᠳᠡᠯᠡᠬᠡᠢ ᠶᠢᠨ 100 ᠭᠠᠷᠤᠢ ᠤᠯᠤᠰ ᠤᠨ 200 ᠭᠠᠷᠤᠢ ᠮᠤᠵᠢ ᠬᠤᠲᠠ᠂ ᠵᠧᠦ ᠶᠢᠨ ᠲᠥᠯᠥᠭᠡᠯᠡᠭᠴᠢᠳ ᠤᠨ ᠪᠦᠯᠭᠦᠮ ᠬᠤᠷᠠᠯ ᠎ ᠳᠤ ᠣᠷᠣᠯᠴᠠᠵᠠᠢ᠃ ᠮᠠᠨ ᠤ ᠤᠯᠤᠰ ᠠᠴᠠ ᠪᠡᠭᠡᠵᠢᠩ ᠬᠤᠲᠠ᠂ ᠲᠢᠶᠠᠨᠵᠢᠨ ᠬᠤᠲᠠ ᠶᠢᠨ ᠨᠢᠩ ᠾᠧ ᠲᠣᠭᠤᠷᠢᠭ᠂ ᠵᠧᠵᠢᠶᠠᠩ ᠮᠤᠵᠢ ᠶᠢᠨ ᠠᠨ ᠵᠢᠢ ᠰᠢᠶᠠᠨ᠂ ᠬᠤᠪᠧᠢ ᠮᠤᠵᠢ ᠶᠢᠨ ᠱᠢ ᠶᠠᠨ ᠬᠤᠲᠠ᠂ ᠵᠧᠵᠢᠶᠠᠩ ᠮᠤᠵᠢ ᠶᠢᠨ ᠨᠢᠩᠪᠦ᠋ᠸᠧ ᠬᠤᠲᠠ ᠶᠢᠨ ᠪᠧᠢ ᠯᠦᠨ ᠲᠣᠭᠤᠷᠢᠭ᠂ ᠵᠧᠵᠢᠶᠠᠩ ᠮᠤᠵᠢ ᠶᠢᠨ ᠱᠣᠤᠰᠢᠩ ᠬᠤᠲᠠ᠂ ᠹᠦᠵᠢᠶᠠᠨ ᠮᠤᠵᠢ ᠶᠢᠨ ᠰᠢᠶᠠᠮᠧᠨ ᠬᠤᠲᠠ᠂ ᠵᠧᠵᠢᠶᠠᠩ ᠮᠤᠵᠢ ᠶᠢᠨ ᠯᠢᠱᠦ᠋ᠢ ᠬᠤᠲᠠ ᠵᠡᠷᠭᠡ ᠬᠤᠳᠠ ᠭᠠᠵᠠᠷ ᠣᠷᠣᠨ ᠰᠣᠩᠭᠤᠭᠳᠠᠵᠠᠢ᠃    ᠣᠶᠢᠷ᠎ᠠ ᠶᠢᠨ ᠵᠢᠯ ᠠᠴᠠ ᠨᠠᠭᠠᠰᠢ᠂ ᠣᠷᠳᠣᠰ ᠬᠤᠲᠠ ᠤᠷᠢᠳ ᠬᠤᠵᠢᠳ 200 ᠭᠠᠷᠤᠢ ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠷᠭᠤᠮᠠᠯ ᠤᠨ ᠪᠦᠷᠬᠦᠴᠡ ᠶᠢ 5.32 ᠲᠦᠮᠡᠨ ᠲᠡᠭᠰᠢ ᠳᠥᠷᠪᠡᠯᠵᠢᠨ ᠺᠢᠯᠣᠮᠧᠲᠷ ᠪᠦᠲᠦᠭᠡᠨ ᠪᠠᠶᠢᠭᠤᠯᠵᠤ᠂ ᠤᠰᠤᠨ ᠤ ᠡᠬᠢ ᠪᠠᠶᠠᠯᠢᠭ ᠢ 240 ᠭᠠᠷᠤᠢ ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠬᠠᠳᠠᠭᠠᠯᠠᠨ᠂ ᠪᠦᠭᠦ ᠬᠤᠲᠠ ᠶᠢᠨ ᠣᠢ ᠰᠢᠭᠤᠢ ᠶᠢᠨ ᠪᠦᠷᠬᠦᠴᠡ ᠶᠢᠨ ᠨᠣᠷᠮ᠎ᠠ 27.4%᠎ ᠳᠤ ᠬᠦᠷᠴᠦ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠪᠦᠷᠬᠦᠴᠡ ᠶᠢᠨ ᠨᠤᠷᠮ᠎ᠠ 59.22%᠎ ᠲᠤ ᠬᠦᠷᠴᠡᠢ᠃ ︽ᠠᠷᠪᠠᠨ ᠶᠡᠭᠡ ᠬᠥᠨᠳᠡᠢ︾᠎ ᠶᠢ ᠶᠡᠷᠦᠩᠬᠡᠶᠢᠯᠡᠨ ᠵᠠᠰᠠᠬᠤ ᠶᠢ ᠪᠦᠭᠦ ᠬᠦᠴᠦᠨ ᠢᠶᠠᠷ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠢ ᠶᠢᠨ ᠢᠳᠡᠭᠳᠡᠯ ᠢ ᠵᠠᠰᠠᠨ᠂ ᠲᠡᠷᠢᠭᠦᠨ ᠤ ᠰᠢᠨᠵᠢᠯᠡᠬᠦ ᠤᠬᠠᠭᠠᠨ ᠤ ᠠᠷᠭ᠎ᠠ ᠪᠠᠷᠢᠯ ᠢ ᠭᠦᠢᠴᠡᠳ ᠠᠰᠢᠭᠯᠠᠵᠤ᠂ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠬᠠᠲᠤᠨ ᠭᠤᠣᠯ ᠤᠨ ᠡᠯᠡᠰᠦ ᠰᠢᠪᠠᠷ ᠢ ᠬᠢᠨᠠᠨ ᠬᠡᠮᠵᠢᠬᠦ ᠴᠡᠭ᠂ ᠠᠮᠢ ᠠᠬᠤᠢ ᠶᠢᠨ ᠬᠢᠨᠠᠨ ᠬᠡᠮᠵᠢᠬᠦ ᠴᠡᠭ ᠪᠠ ᠬᠠᠰᠢᠯᠭ᠎ᠠ ᠶᠢᠨ ᠬᠤᠷᠠᠮᠳᠤᠭᠰᠠᠨ ᠰᠢᠪᠠᠷ ᠰᠢᠷᠣᠢ ᠶᠢ ᠬᠢᠨᠠᠨ ᠬᠡᠮᠵᠢᠬᠦ ᠴᠡᠭ ᠨᠡᠶᠢᠳᠡ 109 ᠪᠤᠢ᠃ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠣᠳᠣᠬᠠᠨ ᠳᠤ ᠪᠦᠭᠦ ᠬᠤᠲᠠ ᠶᠢᠨ ᠬᠠᠮᠠᠭᠠᠯᠠᠯᠲᠠ ᠲᠠᠢ ᠪᠠᠶᠢᠭᠠᠯᠢ ᠶᠢᠨ ᠣᠷᠣᠨ ᠪᠦᠰᠡ ᠶᠢᠨ ᠲᠠᠯᠠᠪᠠᠢ ᠨᠢ ᠶᠡᠷᠦᠩᠬᠡᠢ ᠳᠠᠯᠠᠪᠠᠢ ᠶᠢᠨ 27.7%᠎ ᠶᠢ ᠡᠵᠡᠯᠡᠵᠦ ᠪᠤᠢ᠃ 2018 ᠣᠨ ᠳᠤ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠬᠢᠯᠡᠭᠦᠯᠦᠭᠰᠡᠨ ᠠᠴᠠ ᠨᠠᠭᠠᠰᠢ᠂ ᠣᠷᠳᠣᠰ ᠬᠤᠳᠠ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠡᠭᠦᠷᠭᠡ ᠶᠢ ᠨᠡᠶᠢᠳᠡ 8900 ᠭᠠᠷᠤᠢ ᠵᠦᠢᠯ ᠬᠡᠷᠡᠭᠵᠢᠭᠦᠯᠵᠦ᠂ ᠬᠥᠬᠡ ᠣᠭᠲᠠᠷᠭᠤᠢ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠳᠤ ᠢᠯᠡᠳᠲᠡ ᠦᠷ᠎ᠡ ᠪᠦᠲᠦᠮᠵᠢ ᠣᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠪᠠ᠃ 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ