ᠠᠮᠢ ᠠᠬᠤᠢ ᠶᠢᠨ ᠨᠣᠭᠤᠭᠠᠨ ᠬᠠᠯᠠᠬᠠᠪᠴᠢ ᠶᠢ ᠪᠠᠶᠢᠭᠤᠯᠤᠭᠰᠠᠨ ᠬᠠᠩᠬᠢᠨ ᠬᠤᠰᠢᠭᠤ
ᠨᠡᠶᠢᠲᠡᠯᠡᠭᠰᠡᠨ ᠴᠠᠭ᠄
2024/11/6
    ᠬᠦᠪᠴᠢ ᠶᠢᠨ ᠡᠯᠡᠰᠤ ᠨᠢ ᠮᠠᠨ ᠤ ᠤᠯᠤᠰ ᠤᠨ ᠲᠣᠯᠣᠭᠠᠳᠠᠬᠢ ᠶᠡᠭᠡ ᠡᠯᠡᠰᠤᠨ ᠴᠥᠯ ᠪᠠᠶᠢᠵᠤ᠂ ᠲᠡᠷᠡ ᠨᠢ ᠬᠠᠩᠬᠢᠨ ᠬᠤᠰᠢᠭᠤᠨ ᠤ ᠪᠥᠬᠦ ᠲᠠᠯᠠᠪᠠᠢ ᠶᠢᠨ 52.2% ᠢ ᠡᠵᠡᠯᠡᠭᠰᠡᠨ ᠪᠠᠶᠢᠨ᠎ᠠ᠃ ᠤᠳᠠᠭᠠᠨ ᠵᠢᠯ ᠤᠨ ᠲᠤᠷᠰᠢ ᠬᠠᠩᠬᠢᠨ ᠬᠤᠰᠢᠭᠤᠨ ᠤ ᠦᠷᠭᠡᠨ ᠤᠯᠠᠨ ᠲᠦᠮᠡᠨ ᠴᠥᠭᠦᠷᠡᠰᠢ ᠦᠭᠡᠢ ᠴᠢᠷᠮᠠᠶᠢᠯᠭ᠎ᠠ ᠪᠠᠷ ᠡᠯᠡᠰᠤ ᠶᠢ ᠵᠠᠰᠠᠬᠤ ᠪᠠᠷ ᠳᠠᠮᠵᠢᠨ ᠬᠦᠪᠴᠢ ᠶᠢᠨ ᠡᠯᠡᠰᠦᠨ ᠴᠥᠯ ᠤᠨ ᠤᠷᠭᠤᠮᠡᠯ ᠤᠨ ᠪᠦᠷᠬᠦᠴᠡ 9.6% ᠪᠠᠶᠢᠭᠰᠠᠨ ᠠᠴᠠ 40% ᠪᠣᠯᠵᠤ ᠨᠡᠮᠡᠭᠳᠡᠪᠡ᠃
微信图片_20241105192435.png
    ᠬᠠᠩᠬᠢᠨ ᠬᠤᠰᠢᠭᠤ ᠣᠷᠢᠳ ᠬᠤᠴᠢᠳ ︽ᠤᠮᠠᠷᠠᠲᠤ ᠶᠢᠨ ᠭᠤᠷᠪᠠᠨ ᠣᠷᠣᠨ︾ ᠤ ᠬᠠᠯᠠᠬᠠᠪᠴᠢ ᠣᠢ᠂ ᠲᠠᠷᠢᠶᠠᠯᠠᠬᠤ ᠶᠢ ᠬᠤᠷᠢᠭᠯᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠡᠯᠡᠰᠦᠨ ᠰᠢᠭᠤᠷᠭ᠎ᠠ ᠶᠢᠨ ᠡᠬᠢ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠵᠢᠨ‌ᠢᠨᠵᠧᠨᠧᠷᠢᠩ ᠢ ᠬᠡᠷᠡᠵᠢᠭᠦᠯᠵᠦ᠂ ᠬᠠᠳᠤᠨ ᠲᠣᠬᠤᠢ ᠶᠢᠨ ᠴᠥᠯᠯᠡᠷᠭᠡᠭᠵᠢᠯ ᠢ ᠶᠡᠷᠦᠤᠩᠬᠡᠶᠢᠯᠡᠨ ᠰᠡᠷᠭᠡᠶᠢᠯᠡᠨ ᠵᠠᠰᠠᠬᠤ ᠳᠡᠶᠢᠯᠡᠯᠳᠤᠭᠠᠨ ᠪᠠ ᠬᠥᠪᠴᠢ ᠶᠢᠨ ᠡᠯᠡᠰᠦ ᠶᠢᠨ ᠬᠤᠶᠢᠲᠤ ᠵᠠᠬ᠎ᠠ ᠶᠢᠨ ᠬᠠᠯᠠᠪᠴᠢ ᠣᠢ ᠶᠢᠨ ᠲᠥᠷᠤᠯ ᠵᠦᠢᠯ ᠢ ᠪᠥᠬᠦ ᠲᠠᠯ᠎ᠠ ᠪᠠᠷ ᠬᠡᠷᠡᠭᠵᠢᠭᠦᠯᠦᠭᠰᠡᠨ ᠢᠶᠠᠷ 10 ᠵᠢᠯ ᠤᠨ ᠬᠤᠭᠤᠴᠠᠭᠠᠨ ᠳᠤ ᠬᠠᠩᠬᠢᠨ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢᠯᠡᠷᠬᠡᠢ ᠠᠮᠵᠢᠯᠲᠡ ᠪᠦᠳᠦᠮᠵᠢ ᠣᠯᠵᠤ᠂ ᠬᠥᠪᠴᠢ ᠶᠢᠨ ᠡᠯᠡᠰᠦᠨ ᠳᠤ ᠨᠡᠶᠢᠲᠡ 846.56 ᠲᠦᠮᠡᠨ ᠮᠦ ᠠᠮᠢ ᠠᠬᠤᠢ ᠶᠢᠨ ᠵᠠᠰᠠᠯᠲᠡ ᠬᠢᠵᠦ᠂ ᠡᠯᠡᠰᠦᠨ ᠴᠥᠯ ᠤᠨ ᠬᠥᠪᠡᠭᠡ ᠨᠢ 10 ᠵᠢᠯ ᠤᠨ ᠡᠮᠦᠨᠡᠬᠢ ᠠᠴᠠ 113 ᠲᠦᠮᠡᠨ ᠮᠦ ᠬᠤᠷᠢᠶᠠᠭᠳᠠᠪᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ