ᠵᠠᠮ ᠬᠠᠷᠢᠯᠴᠠᠭᠠᠨ ᠤ ᠲᠦᠭᠵᠢᠷᠡᠯ ᠢ ᠨᠠᠮᠳᠠᠭᠠᠵᠤ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠪᠠᠷ ᠳ᠋ᠦᠩᠱᠧᠩ ᠲᠣᠭᠤᠷᠢᠭ | ᠡᠨᠡ ᠵᠢᠯ ᠳᠥᠷᠪᠡᠨ ᠶᠠᠪᠠᠭᠠᠨ ᠬᠥᠭᠦᠷᠭᠡ ᠪᠠᠶᠢᠭᠤᠯᠵᠤ᠂ ᠣᠳᠣ ᠪᠣᠯᠬᠤ ᠳᠤ ᠬᠥᠭᠦᠷᠭᠡ ᠶᠢᠨ ᠭᠤᠣᠯ ᠴᠣᠭᠴᠠ ᠶᠢᠨ ᠪᠠᠷᠢᠯᠭ᠎ᠠ ᠲᠠᠭᠤᠰᠴᠤ ᠵᠠᠰᠠᠯ ᠴᠢᠮᠡᠭᠯᠡᠯ ᠤᠨ | ᠱᠠᠲᠤᠨ ᠳᠠᠭᠠᠨ ᠪᠣᠢ᠃ | 4.5 ᠮᠧᠲᠷ ᠤᠨ ᠦᠨᠳᠤᠷ ᠡᠷᠭᠦᠭᠳᠡᠴᠡ ᠲᠠᠢ ᠶᠠᠪᠠᠭᠠᠨ ᠬᠥᠭᠦᠷᠭᠡ ᠶᠢᠨ ᠲᠦᠷᠤᠯ ᠵᠦᠢᠯ ᠢ ᠡᠨᠡ ᠵᠢᠯ ᠤᠨ ᠲᠦᠷᠪᠡᠳᠦᠭᠡᠷ ᠰᠠᠷ᠎ᠡ ᠠᠴᠠ ᠡᠬᠢᠯᠡᠭᠦᠯᠦᠨ | ᠪᠠᠶᠢᠭᠤᠯᠵᠤ᠂ ᠲᠣᠰ ᠪᠦᠷᠢ ᠳ᠋ᠦᠩᠱᠧᠩ ᠲᠣᠭᠤᠷᠢᠭ ᠤᠨ ᠨᠠᠢᠮᠠᠳᠤᠭᠠᠷ ᠪᠠᠭ᠎ᠠ ᠰᠤᠷᠭᠠᠭᠤᠯᠢ᠂ ᠠᠷᠠᠳ ᠤᠨ ᠠᠮᠢᠳᠤᠷᠠᠯ ᠤᠨ ᠠᠭᠤᠳᠠᠮ ᠲᠠᠯᠠᠪᠠᠢ᠂ ᠸᠠᠨ ᠳ᠋ᠠ | ᠠᠭᠤᠳᠠᠮ ᠲᠠᠯᠠᠪᠠᠢ᠂ ᠳ᠋ᠦᠩᠱᠧᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠵᠡᠷᠭᠡ ᠵᠠᠮ ᠬᠠᠷᠢᠯᠴᠠᠭᠠᠨ ᠤ ᠲᠦᠭᠵᠢᠷᠡᠯ ᠶᠡᠬᠡᠲᠠᠢ ᠭᠠᠵᠠᠷ ᠢ ᠰᠤᠩᠭᠤᠨ | ᠪᠠᠶᠢᠭᠤᠯᠵᠤ᠂ ᠰᠢᠨ᠎ᠡ ᠣᠨ ᠢ ᠣᠭᠲᠤᠬᠤ ᠲᠠᠰᠢᠷᠡᠮ ᠢᠶᠠᠷ ᠪᠥᠬᠦᠨ ᠢ ᠠᠰᠢᠠᠯᠠᠯᠲᠠ ᠳᠤ ᠣᠷᠣᠭᠤᠯᠬᠤ ᠪᠠᠷ ᠪᠠᠶᠢᠨ᠎ᠠ᠃ | ᠳ᠋ᠦᠩᠱᠧᠩ ᠲᠣᠭᠤᠷᠢᠭ ᠨᠢ ᠮᠠᠨ ᠤ ᠬᠤᠲᠠ ᠶᠢᠨ ᠠᠵᠤ ᠠᠬᠤᠢ᠂ ᠮᠦᠩᠭᠦᠨ ᠭᠦᠢᠯᠭᠡᠭᠡ᠂ ᠵᠠᠮ ᠬᠠᠷᠢᠯᠴᠠᠭ᠎ᠠ ᠪᠣᠯᠣᠨ ᠴᠢᠮᠡᠭᠡ ᠵᠠᠩᠬᠢ ᠶᠢᠨ ᠲᠦᠪ ᠪᠣᠯᠤᠭᠰᠠᠨ ᠤ | ᠬᠤᠪᠢ ᠳᠤ ᠪᠠᠶᠢᠩᠭᠤ ᠰᠠᠭᠤᠭ᠎ᠠ ᠬᠥᠮᠤᠨ ᠠᠮᠠ ᠵᠤᠵᠠᠭᠠᠨ ᠪᠣᠯᠬᠤᠷ ᠠᠵᠢᠯ ᠳᠤ ᠭᠠᠷᠴᠤ ᠠᠵᠢᠯ ᠠᠴᠠ ᠪᠠᠭᠤᠬᠤ ᠴᠠᠭ ᠲᠤ ᠦᠷᠭᠦᠯᠵᠢ ᠶᠢᠨ ᠴᠢᠨᠠᠷᠲᠠᠢ ᠵᠠᠮ | ᠬᠠᠷᠢᠯᠴᠠᠭᠠᠨ ᠤ ᠲᠦᠭᠵᠢᠷᠡᠯ ᠭᠠᠷᠳᠠᠭ ᠪᠠᠶᠢᠨ᠎ᠠ᠃ ᠶᠠᠪᠠᠭᠠᠨ ᠬᠦᠭᠦᠷᠭᠡ ᠶᠢᠨ ᠲᠦᠷᠤᠯ ᠵᠦᠶᠢᠯ ᠨᠢ ᠵᠠᠮ ᠬᠠᠷᠢᠯᠴᠠᠭᠠᠨ ᠤ ᠲᠦᠭᠵᠢᠷᠡᠯ ᠢ ᠨᠠᠮᠲᠠᠭᠠᠬᠤ ᠪᠠᠷ ᠪᠠᠷᠠᠬᠤ | ᠦᠭᠡᠢ ᠬᠤᠲᠠ ᠶᠢᠨ ᠪᠦᠲᠦᠭᠡᠨ ᠪᠠᠶᠢᠭᠤᠯᠤᠯᠲᠠ ᠳᠤ ᠰᠢᠨ᠎ᠡ ᠦᠵᠡᠮᠵᠢ ᠨᠡᠮᠡᠷᠢᠯᠡᠵᠦ ᠪᠠᠶᠢᠨ᠎ᠠ᠃ |