ᠨᠢᠭᠡ ᠳᠤ᠂ ᠣᠯᠠᠨ ᠡᠰᠢᠵᠢᠭᠦᠯᠦᠨ ᠪᠡᠯᠡ ᠣᠷᠤᠭᠤᠯᠪᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠪᠠᠶᠢᠭᠤᠯᠬᠤ᠂ ᠲᠥᠪ ᠤᠨ ᠠᠵᠤ | ᠠᠬᠤᠶᠢᠯᠠᠯ ᠢ ᠳᠡᠶᠢᠴᠢᠯᠡᠨ ᠣᠷᠣᠯᠴᠠᠭᠤᠯᠬᠤ᠂ ᠨᠡᠶᠢᠲᠡ ᠶᠢᠨ ᠠᠰᠠᠷᠠᠮᠵᠢ ᠶᠢᠨ ᠡᠯᠡᠰᠦ ᠶᠢ ᠵᠠᠰᠠᠬᠤ ᠠᠵᠢᠯ ᠥᠷᠨᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | 112 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠦᠪᠡᠰᠦᠪᠡᠨ ᠬᠤᠷᠠᠮᠳᠤᠭᠤᠯᠵᠤ᠂ ᠡᠯ᠎ᠡ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ | ᠨᠢᠭᠡᠳᠦᠯᠲᠡᠶ ᠲᠥᠯᠥᠪᠯᠡᠨ ᠬᠡᠷᠡᠭᠯᠡᠪᠡ᠃ ᠬᠤᠶᠠᠷ ᠲᠤ᠂ ᠣᠯᠠᠨ ᠲᠠᠯ᠎ᠠ ᠶᠢᠨ ᠬᠢᠨ ᠢ ᠣᠷᠤᠯᠴᠠᠭᠤᠯᠪᠠ᠂ 15 ᠲᠠᠯ᠎ᠠ ᠶᠢᠨ 44 ᠵᠤᠷᠪᠤᠰ ᠠᠷᠭ᠎ᠠ ᠬᠡᠮᠵᠢᠶ᠎ᠡ ᠶᠢ ᠭᠠᠷᠭᠠᠵᠤ᠂ | ᠡᠯ᠎ᠡ ᠭᠠᠵᠠᠷ ᠤᠨ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾᠂ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾᠂ ︽ᠵᠠᠮ ᠲᠡᠪᠢᠰᠬᠦ ᠪᠠ | ᠠᠷᠠᠴᠢᠯᠠᠬᠤ ᠪᠠᠷ ᠡᠯᠡᠰᠦ ᠶᠢ ᠵᠠᠰᠠᠬᠤ︾ ᠵᠡᠷᠭᠡ ᠵᠠᠭᠪᠤᠷ ᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ | ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠪᠡ᠃ ᠭᠤᠷᠪᠠ ᠳᠤ᠂ ᠭᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠪᠠ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ 15 ᠲᠦᠷᠦᠯ ᠵᠦᠢᠯ ᠢ | ᠬᠡᠷᠡᠭᠵᠢᠭᠦᠯᠵᠦ᠂ ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠤᠨ ᠡᠯᠡᠰᠦ ᠶᠢ ᠵᠠᠰᠠᠬᠤ ᠦᠷ᠎ᠡ ᠠᠰᠢᠭ ᠢ ᠳᠡᠭᠡᠭᠰᠢᠯᠡᠭᠦᠯᠬᠦ 7 ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠢ 40 ᠰᠠᠭᠤᠷᠢ ᠪᠠᠶᠢᠭᠤᠯᠵᠤ᠂ 3.2 ᠳ᠋ᠦᠩᠰᠢᠭᠤᠷ ᠰᠠᠭᠤᠷᠢ ᠴᠢᠬᠢ ᠮᠣᠳᠣ | ᠪᠤᠶᠢᠵᠢᠭᠤᠯᠵᠤ᠂ ᠡᠯ᠎ᠡ ᠲᠦᠷᠦᠯ ᠤᠨ ᠴᠢᠬᠢ ᠮᠣᠳᠣ ᠪᠤᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠢ ᠨᠢ 39 ᠲᠦᠮᠡᠨ ᠮᠦ ᠳᠤ ᠬᠦᠷᠴᠦ᠂ ᠢᠷᠡᠬᠦ ᠵᠢᠯ ᠤᠨ | ᠪᠣᠶᠢᠵᠢᠭᠤᠯᠤᠯᠳᠠ ᠳᠤ 20 ᠳ᠋ᠦᠩᠰᠢᠭᠤᠷ ᠰᠠᠭᠤᠷᠢ ᠣᠷᠴᠢᠮ ᠴᠢᠬᠢ ᠮᠣᠳᠣ ᠬᠠᠩᠭᠠᠬᠤ ᠪᠣᠯᠤᠨ᠎ᠠ︔ ᠡᠪᠡᠰᠦᠨ ᠦᠷ᠎ᠠ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ | ᠭᠠᠵᠠᠷ ᠢ 36.7 ᠲᠦᠮᠡᠨ ᠮᠤ᠋ ᠪᠠᠶᠢᠭᠤᠯᠵᠤ᠂ ᠵᠢᠯ ᠤᠨ ᠲᠠᠷᠢᠬᠤ ᠴᠢᠳᠠᠪᠤᠷᠢ 800 ᠲᠦᠮᠡᠨ ᠺᠢᠯᠤᠭ᠍ᠷᠠᠮ ᠳᠤ ᠬᠦᠷᠪᠡ︔ ᠡᠯ᠎ᠡ ᠭᠠᠵᠠᠷ ᠤᠨ ᠲᠤᠬᠠᠶ ᠶᠢᠨ ᠭᠠᠵᠠᠷ | ᠠᠴᠠ ᠪᠠᠨ ᠮᠠᠲ᠋ᠧᠷᠢᠶᠠᠯ ᠠᠪᠬᠤ᠂ ᠬᠠᠶᠠᠭᠳᠠᠮᠠᠯ ᠡᠳ᠋ ᠢ ᠡᠷᠳᠡᠨᠢ ᠪᠣᠯᠭᠠᠬᠤ ᠶᠢ ᠨᠢ ᠵᠣᠷᠢᠭᠵᠢᠭᠤᠯᠵᠤ᠂ 114.2 ᠲᠦᠮᠡᠨ ᠲᠣᠨ ᠡᠯᠡᠰᠦ ᠶᠢ ᠬᠤᠷᠢᠭᠯᠠᠨ ᠵᠠᠰᠠᠬᠤ | ᠪᠠᠳᠤᠯᠠᠭ᠎ᠠ ᠶᠢᠨ ᠮᠠᠲ᠋ᠧᠷᠢᠶᠠᠯ ᠢ ᠤᠷᠢᠳᠴᠢᠯᠠᠨ ᠨᠥᠭᠡᠴᠡᠯᠡᠵᠦ᠂ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠳᠤ ᠬᠡᠷᠡᠭᠯᠡᠬᠦ ᠴᠢᠬᠢ ᠮᠣᠳᠤᠨ ᠤ | ᠮᠠᠲ᠋ᠧᠷᠢᠶᠠᠯ ᠤᠨ ᠬᠡᠷᠡᠭᠴᠡᠭᠡ ᠶᠢ ᠪᠠᠳᠤᠯᠠᠪᠠ᠃ ᠲᠦᠷᠪᠡ ᠳᠤ᠂ ᠪᠠᠶᠢᠭᠤᠯᠵᠤ ᠣᠶᠢᠵᠢᠭᠤᠯᠤᠭᠰᠠᠨ ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠪᠠ᠂ | ︽ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ +︾ ᠶᠢᠨ ᠵᠠᠭᠪᠤᠷ ᠢ ᠬᠡᠷᠡᠭᠵᠢᠭᠦᠯᠵᠦ᠂ ︽ᠤᠮᠠᠷᠠᠲᠤ ᠶᠢᠨ ᠭᠤᠷᠪᠠᠨ ᠣᠷᠤᠨ︾ ᠤ ᠢᠨᠵᠧᠨᠧᠷᠢᠩ ᠤᠨ | ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠠᠴᠠ ᠣᠷᠣᠯᠠᠨ ᠬᠠᠮᠢᠶᠠᠷᠬᠤ ᠲᠣᠭᠲᠠᠴᠠ ᠶᠢ ᠬᠠᠶᠢᠨ | ᠰᠦᠪᠡᠭᠴᠢᠯᠡᠵᠦ᠂ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠶᠢᠨ ︽ᠣᠢ ᠰᠢᠭᠤᠢ ᠶᠢᠨ ᠲᠠᠯᠠᠪᠠᠢ ᠠᠴᠠ ᠭᠠᠳᠠᠨ᠎ᠠ ᠣᠢ ᠰᠢᠭᠤᠢ ᠶᠢᠨ ᠲᠠᠯᠠᠪᠠᠢ ᠡᠷᠬᠢᠯᠡᠬᠦ︾ | ︽ᠣᠢ ᠰᠢᠭᠤᠢ ᠶᠢᠨ ᠲᠠᠯᠠᠪᠠᠢ ᠠᠴᠠ ᠭᠠᠳᠠᠨᠠᠬᠢ ᠤᠢ ᠰᠢᠭᠤᠢ ᠶᠢ ᠬᠠᠮᠢᠶᠠᠷᠴᠤ ᠬᠠᠮᠠᠭᠠᠯᠠᠬᠤ︾ ᠵᠡᠷᠭᠡ ᠨᠠᠶᠢᠳᠠᠨ ᠬᠠᠮᠢᠶᠠᠷᠤᠭᠤᠯᠬᠤ ᠠᠷᠭ᠎ᠠ ᠬᠡᠯᠪᠡᠷᠢ ᠠᠪᠬᠤ ᠶᠢ | ᠵᠣᠷᠢᠭᠵᠢᠭᠤᠯᠵᠤ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠬᠠᠮᠢᠶᠠᠷᠴᠤ ᠬᠠᠮᠠᠭᠠᠯᠠᠬᠤ ᠶᠠᠰᠤ ᠴᠢᠨᠠᠷ ᠦᠷ᠎ᠡ ᠪᠦᠲᠦᠮᠵᠢ ᠶᠢ | ᠲᠡᠭᠡᠭᠰᠢᠯᠡᠭᠦᠯᠪᠡ᠃ 2024 ᠣᠨ ᠳᠤ᠂ ᠮᠠᠨ ᠤ ᠣᠷᠣᠨ ᠨᠢᠭᠡᠨᠲᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢᠶᠠᠨ 1954 ᠲᠦᠮᠡᠨ ᠮᠥ | ᠪᠡᠶᠡᠯᠡᠭᠦᠯᠵᠦ᠂ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠦᠭᠰᠡᠨ ᠪᠠᠶᠢᠨ᠎ᠠ᠃ ︵ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶ |