ᠠᠶᠢᠯ ᠡᠷᠦᠬᠡ ᠳᠤ ᠣᠷᠣᠵᠤ ᠶᠠᠷᠢᠯᠴᠠᠨ᠂ ᠳ᠋ᠠᠶᠢᠲ᠋ᠠ ᠶᠢ ᠬᠠᠷᠢᠴᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠪᠰᠤᠷᠤᠨ ᠲᠡᠳᠬᠦᠬᠦ ᠬᠡᠷᠡᠭᠴᠡᠭᠡ | ᠱᠠᠭᠠᠷᠳᠠᠯᠭ᠎ᠠ ᠶᠢ ᠬᠥᠳᠡᠯᠦᠩᠭᠦᠶ ᠪᠠᠷ ᠡᠵᠡᠮᠰᠢᠪᠡ᠃ ᠠᠵᠢᠯ ᠠᠯᠳᠠᠯᠲᠠ ᠶᠢ ᠳᠠᠩᠰᠠᠯᠠᠭᠤᠯᠤᠭᠰᠠᠨ ᠴᠠᠭ ᠬᠤᠭᠤᠴᠠᠭ᠎ᠠ ᠶᠣᠰᠣᠭᠠᠷ ᠨᠢ ᠣᠬᠤᠷ ᠬᠤᠭᠤᠴᠠᠭᠠᠨ ᠤ ᠠᠵᠢᠯ | ᠠᠯᠳᠠᠯᠲᠠ᠂ ᠤᠷᠲᠤᠪᠲᠤᠷ ᠬᠤᠭᠤᠴᠠᠭᠠᠨ ᠤ ᠠᠵᠢᠯ ᠠᠯᠳᠠᠯᠲᠠ ᠪᠠ ᠣᠷᠳᠣ ᠬᠤᠭᠤᠴᠠᠭᠠᠨ ᠤ ᠠᠵᠢᠯ ᠠᠯᠳᠠᠯᠲᠠ ᠭᠡᠵᠦ ᠢᠯᠭᠠᠨ᠂ ᠠᠵᠢᠯ ᠮᠡᠷᠭᠡᠵᠢᠯ ᠤᠨ | ᠵᠢᠯᠣᠭᠤᠳᠣᠯᠭ᠎ᠠ᠂ ᠦᠢᠯᠡᠰ ᠪᠣᠰᠬᠠᠬᠤ ᠶᠢ ᠵᠣᠯᠭᠠᠭᠤᠯᠬᠤ ᠵᠡᠷᠭᠡ ᠲᠥᠷᠥᠯ ᠬᠤᠪᠢᠶᠠᠭᠰᠠᠨ ᠦᠢᠯᠡᠴᠢᠯᠡᠭᠡ ᠶᠢ ᠥᠷᠨᠢᠭᠦᠯᠵᠦ᠂ ᠠᠵᠢᠯ ᠠᠯᠳᠠᠯᠲᠠ ᠶᠢᠨ ᠳᠡᠩᠰᠡᠯᠡᠯᠲᠡ ᠶᠢ | ᠨᠡᠶᠢᠳᠡᠮ ᠪᠦᠷᠬᠦᠭᠦᠯᠬᠦ᠂ ᠬᠠᠪᠰᠤᠷᠤᠨ ᠲᠡᠳᠬᠦᠬᠦ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠶ ᠪᠠᠷ ᠡᠵᠡᠮᠰᠢᠬᠦ ᠶᠢ ᠠᠬᠢᠭᠤᠯᠵᠤ᠂ ᠲᠤᠬᠠᠶᠢᠯᠠᠭᠰᠠᠨ ᠠᠵᠢᠯ ᠤᠨ | ᠬᠠᠮᠵᠢᠯᠴᠠᠨ ᠭᠦᠢᠴᠡᠳᠭᠡᠬᠦ ᠶᠢ ᠴᠢᠩᠭᠠᠳᠬᠠᠪᠠ᠃ ᠠᠵᠢᠯ ᠣᠯᠭᠤᠯᠲᠠ ᠶᠢᠨ ᠳ᠋ᠠᠶᠢᠲ᠋ᠠ ᠪᠠᠨ ᠡᠭᠡᠭᠦᠯᠦᠨ ᠪᠤᠴᠠᠭᠠᠵᠤ ᠰᠠᠨᠠᠯ ᠰᠣᠨᠤᠰᠬᠤ ᠲᠦᠷᠢᠮ ᠢ ᠪᠠᠶᠢᠭᠤᠯᠵᠤ᠂ ᠪᠥᠬᠦ | ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠢ ᠬᠠᠮᠤᠷᠪᠠ᠃ 11 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠠᠵᠢᠯ ᠣᠯᠬᠤ ᠳᠤ | ᠬᠦᠴᠢᠷᠲᠡᠶ ᠪᠠᠶᠢᠭ᠎ᠠ 5.9 ᠲᠦᠮᠡᠨ ᠬᠥᠮᠦᠨ ᠳᠤ ᠠᠵᠢᠯ ᠣᠯᠭᠤᠵᠤ᠂ ᠠᠵᠢᠯ ᠠᠯᠳᠠᠭᠰᠠᠨ 6.5 ᠲᠦᠮᠡᠨ ᠬᠥᠮᠦᠨ ᠳᠤ ᠠᠵᠢᠯ ᠣᠯᠭᠤᠵᠤ᠂ ᠲᠣᠰ ᠲᠣᠰ ᠣᠨ ᠤ | ᠲᠥᠯᠥᠪᠯᠡᠭᠡ ᠶᠢᠨ 118.01% ᠪᠠ 130.31% ᠶᠢ ᠪᠡᠶᠡᠯᠡᠭᠦᠯᠵᠦ᠂ ᠠᠵᠢᠯ ᠣᠯᠤᠭᠠᠳᠤᠢ ᠬᠦᠮᠦᠨ ᠲᠠᠢ ᠬᠡᠷ ᠪᠦᠯᠢ ᠳᠤ ᠠᠵᠢᠯ ᠣᠯᠭᠤᠬᠤ ᠶᠢ | ᠬᠥᠳᠡᠯᠦᠩᠭᠦᠶ ᠪᠠᠷ ᠪᠠᠲᠤᠯᠠᠪᠠ᠃ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ︶ |