ᠣᠶᠢᠷ᠎ᠠ ᠶᠢᠨ ᠵᠢᠯ ᠤᠳ ᠲᠤ᠂ ᠰᠢᠯᠢ ᠶᠢᠨ ᠭᠤᠤᠯ ᠠᠶᠢᠮᠠᠭ ᠬᠤᠷ᠎ᠠ ᠲᠤᠨᠳᠠᠰᠤ ᠬᠤᠮᠰᠠᠳᠠᠵᠤ᠂ ᠬᠠᠳᠤᠯᠠᠩ ᠪᠡᠯᠴᠢᠭᠡᠷ ᠬᠠᠳᠤᠵᠤ ᠬᠤᠷᠢᠶᠠᠬᠤ ᠬᠡᠮᠵᠢᠶ᠎ᠡ ᠶᠡᠭᠡ ᠪᠠᠷ | ᠪᠠᠭᠤᠷᠠᠭᠰᠠᠨ ᠠᠴᠠ ᠲᠡᠵᠢᠭᠡᠯ ᠡᠪᠡᠰᠦᠨ ᠤ ᠬᠡᠷᠡᠭᠴᠡᠭᠡ ᠳᠡᠭᠡᠭᠰᠢᠯᠡᠨ᠂ ᠲᠡᠵᠢᠭᠡᠯᠡᠪᠡᠰᠦ ᠪᠣᠷᠳᠣᠭᠠᠨ ᠤ ᠦᠨ᠎ᠡ ᠬᠠᠩᠰᠢ ᠶᠡᠭᠡ ᠪᠠᠷ ᠥᠰᠴᠦ᠂ ᠮᠠᠯᠴᠢᠨ ᠲᠠᠷᠢᠶᠠᠴᠢᠨ ᠤ | ᠠᠵᠤ ᠠᠮᠢᠳᠤᠷᠠᠯ ᠢ ᠬᠦᠨᠳᠦ ᠨᠣᠴᠢᠲᠠᠶ ᠨᠦᠯᠦᠭᠡᠯᠡᠭᠰᠡᠨ ᠪᠠᠶᠢᠨ᠎ᠠ᠃ ᠰᠢᠯᠢ ᠶᠢᠨ ᠭᠤᠤᠯ ᠠᠶᠢᠮᠠᠭ ᠤᠨ ᠬᠢᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠪᠠᠨ | ᠴᠢᠩᠭᠠᠳᠬᠠᠵᠤ᠂ ᠮᠠᠯᠴᠢᠳ ᠢ ᠬᠠᠪᠰᠤᠷᠤᠨ ᠰᠡᠯᠭᠦᠨ ᠮᠠᠯᠯᠠᠬᠤ ᠬᠤᠭᠤᠴᠠᠭᠠᠨ ᠳᠠᠬᠢ ᠲᠡᠵᠢᠭᠡᠯ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠨᠢ | ᠰᠢᠢᠳᠪᠦᠷᠢᠯᠡᠵᠦ ᠥᠭᠪᠡ᠃ ᠨᠢᠭᠡ ᠳᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠪᠡ᠂ ᠲᠡᠵᠢᠭᠡᠯ ᠡᠪᠡᠰᠦᠨ ᠤ ᠤᠷᠭᠤᠴᠠ ᠰᠠᠶᠢᠲᠠᠢ ᠣᠷᠣᠨ ᠪᠠ | ᠠᠨᠠᠢ ᠪᠠᠶᠢᠭ᠎ᠠ ᠣᠷᠣᠨ ᠢ ᠬᠤᠰᠢᠭᠤ ᠰᠢᠶᠠᠨ ᠢᠶᠠᠷ ᠨᠢᠭᠡᠴᠢ ᠪᠣᠯᠭᠠᠵᠤ᠂ ᠲᠥᠪᠯᠡᠷᠡᠭᠦᠯᠦᠨ ᠬᠤᠳᠠᠯᠳᠤᠵᠤ ᠠᠪᠬᠤ ᠪᠠ ᠨᠢᠭᠡᠲᠦᠯᠲᠡᠢ ᠳᠣᠬᠢᠷᠠᠭᠤᠯᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠤᠷᠲᠤ ᠬᠤᠭᠤᠴᠠᠭᠠᠨ ᠤ ᠲᠣᠭᠲᠠᠪᠤᠷᠢᠲᠠᠶ ᠦᠢᠯᠡᠳᠪᠦᠷᠢᠯᠡᠵᠦ ᠪᠣᠷᠤᠯᠠᠭᠤᠯᠤᠨ ᠬᠠᠩᠭᠠᠬᠤ ᠶᠢ ᠬᠤᠯᠪᠣᠯᠳᠤᠭᠤᠯᠤᠭᠰᠠᠨ ᠲᠣᠭᠲᠠᠴᠠ ᠪᠠᠶᠢᠭᠤᠯᠬᠤ ᠶᠢ | ᠵᠣᠷᠢᠭᠵᠢᠭᠤᠯᠤᠨ᠂ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠠᠬᠢᠭᠤᠯᠪᠠ᠃ ᠣᠳᠣᠬᠠᠨ ᠳᠤ ᠵᠡᠭᠦᠨ | ᠦᠵᠦᠮᠦᠴᠢᠨ ᠬᠤᠰᠢᠭᠤ᠂ ᠤᠯᠠᠭᠠᠶ ᠬᠠᠮᠢᠶᠠᠷᠤᠯᠲᠠ ᠶᠢᠨ ᠣᠷᠣᠨ ᠵᠡᠷᠭᠡ ᠪᠠᠷ ᠭᠤᠤᠯ ᠪᠣᠯᠭᠠᠭᠰᠠᠨ ᠲᠡᠵᠢᠭᠡᠯ ᠡᠪᠡᠰᠦᠨ ᠤ ᠤᠷᠭᠤᠴᠠ ᠰᠠᠶᠢᠲᠠᠢ ᠣᠷᠣᠨ ᠨᠢ | ᠠᠶᠢᠮᠠᠭ ᠤᠨ ᠳᠣᠲᠣᠷᠠᠬᠢ ᠪᠤᠰᠤᠳ ᠬᠤᠰᠢᠭᠤ ᠰᠢᠶᠠᠨ ᠬᠤᠲᠠ ᠯᠤᠭ᠎ᠠ ᠡᠩ ᠤᠨ ᠦᠨ᠎ᠡ ᠲᠠᠢ ᠲᠡᠵᠢᠭᠡᠯ ᠡᠪᠡᠰᠦ ᠶᠢ ᠪᠠᠲᠤᠯᠠᠨ ᠬᠠᠩᠭᠠᠬᠤ 2 ᠲᠦᠮᠡ ᠭᠠᠷᠤᠶ | ᠲᠣᠨ ᠤ ᠵᠠᠬᠢᠶᠠᠯᠠᠭ᠎ᠠ ᠲᠣᠭᠲᠠᠵᠤ᠂ ᠵᠠᠬ᠎ᠠ ᠳᠡᠯᠭᠡᠭᠦᠷ ᠤᠨ ᠦᠨ᠎ᠡ ᠠᠴᠠ ᠲᠣᠨ ᠪᠦᠷᠢ ᠳᠤ ᠪᠠᠨ ᠳᠤᠮᠳᠠᠴᠢ ᠪᠠᠷ 100 ᠲᠥᠭᠦᠷᠢᠭ ᠳᠣᠣᠷ᠎ᠠ ᠪᠠᠶᠢᠪᠠ᠃ ᠬᠤᠶᠠᠷ ᠲᠤ᠂ | ᠲᠡᠵᠢᠭᠡᠯ ᠡᠪᠡᠰᠦ ᠨᠦᠭᠡᠴᠡᠯᠡᠬᠦ ᠶᠢ ᠪᠠᠲᠤᠯᠠᠪᠠ᠂ ᠣᠳᠣᠬᠠᠨ ᠳᠤ ᠪᠥᠬᠦ ᠠᠶᠢᠮᠠᠭ ᠢᠶᠠᠷ ᠢᠶᠠᠨ ᠨᠢᠭᠡᠨᠲᠡ ᠲᠡᠵᠢᠭᠡᠯ ᠡᠪᠡᠰᠦ ᠨᠥᠭᠡᠴᠡᠯᠡᠬᠦ ᠬᠥᠮᠥᠷᠭᠡ ᠶᠢ 153 ᠪᠠᠶᠢᠭᠤᠯᠵᠤ᠂ | ᠵᠢᠯ ᠤᠨ ᠡᠪᠡᠰᠦ ᠬᠠᠳᠠᠭᠠᠯᠠᠬᠤ ᠴᠢᠳᠠᠪᠤᠷᠢ ᠨᠢ 30 ᠲᠦᠮᠡᠨ ᠲᠣᠨ ᠳᠤ ᠬᠦᠷᠴᠦ᠂ ᠨᠡᠶᠢᠭᠡᠮᠴᠢᠯᠡᠭᠰᠡᠨ ᠲᠡᠵᠢᠭᠡᠯ ᠡᠪᠡᠰᠦ ᠨᠥᠭᠡᠴᠡᠯᠡᠬᠦ ᠴᠢᠳᠠᠪᠤᠷᠢ ᠨᠢ 20 ᠲᠦᠮᠡᠨ | ᠲᠣᠨ ᠳᠤ ᠬᠦᠷᠪᠡ︔ ᠡᠳᠦᠷ ᠤᠨ ᠬᠤᠯᠢᠮᠠᠭ ᠡᠪᠡᠰᠦ ᠪᠣᠷᠳᠤᠭ᠎ᠠ ᠪᠣᠯᠪᠠᠰᠤᠷᠠᠭᠤᠯᠬᠤ ᠠᠵᠤ ᠠᠬᠤᠶᠢᠯᠠᠯ ᠢ 63᠂ ᠲᠡᠵᠢᠭᠡᠯ ᠡᠪᠡᠰᠦ ᠪᠣᠷᠳᠤᠭ᠎ᠠ ᠪᠣᠯᠪᠠᠰᠤᠷᠠᠭᠤᠯᠤᠨ | ᠠᠷᠠᠯᠵᠢᠶᠠᠯᠠᠬᠤ ᠲᠣᠮᠣ ᠬᠡᠯᠪᠡᠷᠢ ᠶᠢᠨ ᠬᠦᠷᠢᠶᠡᠯᠡᠩ ᠲᠣᠭᠤᠷᠢᠭ ᠢ 7 ᠪᠠᠶᠢᠭᠤᠯᠵᠤ᠂ ᠮᠠᠯᠵᠢᠬᠤ ᠡᠷᠦᠬᠡ ᠶᠢ ᠳᠠᠶᠢᠴᠢᠯᠠᠭᠰᠠᠨ ᠬᠠᠷᠢᠴᠠᠯ 70% ᠳᠤ ᠬᠦᠷᠪᠡ᠃ | ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ︶ |