12 ᠳ᠋ᠤᠭᠠᠷ ᠰᠠᠷ᠎ᠠ ᠶᠢᠨ 10 ᠤ ᠡᠳᠦᠷ ᠮᠧᠩ ᠨᠧᠩ ᠪᠦᠯᠦᠭᠯᠡᠯ ᠤᠨ ᠭᠦᠩ ᠶᠢᠨ ᠮᠧᠩ ᠨᠧᠩ ᠴᠡᠪᠡᠷ ᠡᠨᠧᠷᠭᠢ ᠶᠢᠨ REIT ᠨᠢ ᠠᠮᠵᠢᠯᠲᠠ ᠲᠠᠢ ᠪᠠᠷ ᠱᠧᠨᠵᠧᠨ ᠤ ᠲᠡᠮᠳᠡᠭᠳᠦ ᠶᠢᠨ ᠠᠷᠠᠯᠵᠢᠶᠠᠨ ᠤ ᠵᠠᠬ᠎ᠠ ᠳᠤ ᠭᠠᠷᠪᠠ
ᠨᠡᠶᠢᠲᠡᠯᠡᠭᠰᠡᠨ ᠴᠠᠭ᠄
2024/12/13
      ᠡᠨᠡ ᠪᠣᠯ ᠪᠥᠬᠦ ᠤᠯᠤᠰ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠠᠩᠬᠠᠳᠠᠭᠴᠢ ᠡᠳ᠋ ᠬᠥᠷᠥᠩᠭᠡ ᠶᠢᠨ ᠰᠠᠭᠤᠷᠢ ᠪᠡᠯᠡᠳᠬᠡᠮᠵᠢ ᠶᠢᠨ REITs ᠪᠠᠶᠢᠵᠤ᠂ ᠮᠥᠨ ᠴᠦ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠰᠠᠭᠤᠷᠢ ᠪᠡᠯᠡᠳᠬᠡᠮᠵᠢ ᠶᠢᠨ REITs ᠪᠣᠯᠤᠨ᠎ᠠ᠃ ᠲᠤᠰ ᠲᠥᠷᠥᠯ ᠵᠦᠢᠯ ᠨᠢ 11 ᠳ᠋ᠦ᠋ᠭᠡᠷ ᠰᠠᠷ᠎ᠠ ᠶᠢᠨ 6 ᠤ ᠡᠳᠦᠷ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠰᠠᠭᠤᠷᠢ ᠮᠦᠩᠭᠦᠨ ᠤ ᠳᠠᠩᠰᠠᠯᠠᠭᠤᠯᠬᠤ ᠴᠣᠬᠤᠯᠠᠪᠤᠷᠢ ᠶᠢ ᠣᠯᠪᠠ᠂ ᠳᠤᠤᠷᠠᠳᠤ ᠳᠠᠪᠬᠤᠷᠭ᠎ᠠ ᠶᠢᠨ ᠡᠳ᠋ ᠬᠥᠷᠥᠩᠭᠡ ᠨᠢ ᠥᠪᠥᠷ ᠮᠣᠩᠭᠤᠯ ᠤᠨ ᠮᠧᠩ ᠨᠧᠩ ᠪᠦᠯᠦᠭᠯᠡᠯ ᠤᠨ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠤᠶᠠᠷ ᠲᠠᠯᠠᠪᠤᠷ ᠪᠣᠯᠤᠨ᠎ᠠ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ ᠨᠡᠶᠢᠲᠡ 15 ᠲᠦᠮᠡᠨ ᠺᠢᠯᠥᠸᠠᠲ ᠪᠠᠶᠢᠵᠤ᠂ ᠵᠢᠯ ᠪᠦᠷᠢ 4 ᠳ᠋ᠦᠩᠰᠢᠭᠤᠷ ᠺᠢᠯᠥᠸᠠᠲ ᠴᠠᠭ ᠢ ᠳᠠᠪᠠᠭᠰᠠᠨ ᠪᠣᠬᠢᠷᠳᠣᠯ ᠦᠭᠡᠢ ᠴᠠᠬᠢᠯᠭᠠᠨ ᠢ ᠬᠠᠩᠭᠠᠵᠤ᠂ ᠪᠠᠷᠢᠮᠵᠢᠶᠠᠲᠤ ᠨᠡᠭᠦᠷᠡᠰᠦ ᠶᠢ 12 ᠲᠦᠮᠡᠨ ᠲᠣᠨ ᠢᠯᠡᠬᠦᠦ ᠠᠷᠪᠢᠯᠠᠵᠤ᠂ ᠪᠠᠭᠠᠰᠬᠠᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ  ᠤᠨ ᠭᠠᠳᠠᠭᠰᠢᠯᠠᠭᠤᠯᠤᠯᠳᠠ ᠨᠢ 30 ᠲᠦᠮᠡᠨ ᠲᠣᠨ ᠢ ᠲᠠᠪᠠᠪᠠ᠃ ᠣᠲᠣ ᠨᠢᠭᠡᠨᠲᠡ ᠰᠠᠭᠤᠷᠢ ᠮᠥᠩᠭᠦᠨ ᠤ ᠬᠤᠪᠢ ᠶᠢ ᠬᠤᠳᠠᠯᠳᠤᠬᠤ ᠠᠵᠢᠯ ᠢ ᠤᠷᠤᠭᠰᠢᠲᠠᠶ ᠪᠡᠶᠡᠯᠡᠭᠦᠯᠦᠭᠡᠳ ᠣᠯᠠᠨ ᠨᠡᠶᠢᠲᠡ ᠶᠢᠨ ᠪᠠᠯᠠ ᠣᠷᠣᠭᠤᠯᠤᠭᠴᠢ ᠶᠢᠨ ᠪᠦᠲᠦᠮᠵᠢᠲᠡᠶ ᠬᠤᠳᠠᠯᠳᠤᠨ ᠠᠪᠤᠭᠰᠠᠨ ᠳᠠᠬᠢᠨ ᠲᠤᠭ᠎ᠠ ᠨᠢ 357 ᠳᠠᠬᠢᠨ ᠪᠣᠯᠵᠣ᠂ ᠱᠧᠨᠵᠧᠨ ᠤ ᠲᠡᠮᠳᠡᠭᠳᠦ ᠶᠢᠨ ᠠᠷᠠᠯᠵᠢᠶᠠᠨ ᠤ ᠵᠠᠬ᠎ᠠ ᠳᠠᠬᠢ ᠡᠨᠡ ᠵᠢᠯ ᠤᠨ ᠰᠠᠭᠤᠷᠢ ᠪᠡᠯᠡᠳᠬᠡᠮᠵᠢ ᠶᠢᠨ REITs ᠢ ᠣᠯᠠᠨ ᠨᠡᠶᠢᠲᠡ ᠶᠢᠨ ᠪᠠᠯᠠ ᠣᠷᠣᠭᠤᠯᠤᠭᠴᠢ ᠶᠢᠨ ᠬᠤᠳᠠᠯᠳᠤᠨ ᠠᠪᠤᠭᠰᠠᠨ ᠳᠠᠬᠢᠨ ᠲᠤᠭ᠎ᠠ ᠪᠠᠷ ᠬᠠᠮᠤᠭ ᠤᠨ ᠥᠨᠳᠥᠷ ᠨᠡᠷᠡᠳᠬᠦᠨ ᠪᠣᠯᠵᠠᠶ᠃ ︵ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠦᠮᠴᠢᠯᠡᠯᠳᠦ ᠡᠳ᠋ ᠬᠦᠷᠦᠩᠭᠡ  ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ᠂ ᠮᠧᠩ ᠨᠧᠩ ᠪᠦᠯᠦᠭᠯᠡᠯ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ