ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭᠠᠨ ᠤ ᠭᠤᠤᠯᠳᠠᠯᠭ᠎ᠠ ᠪᠣᠯᠬᠤ ᠲᠤᠰᠬᠠᠶ ᠵᠦᠢᠯ ︽GAMA ᠵᠢᠷᠤᠮᠵᠢᠯ ᠳᠤ ᠰᠠᠭᠤᠷᠢᠯᠠᠭᠰᠠᠨ ᠤᠯᠤᠰ ᠲᠤ ᠪᠠᠨ ᠦᠢᠯᠡᠳᠪᠦᠷᠢᠯᠡᠭᠰᠡᠨ ᠲᠣᠮᠣ ᠨᠢᠰᠬᠡᠯ ᠤᠨ ᠠᠩᠭ᠍ᠯᠢ ᠬᠡᠯᠡᠨ ᠤ ᠳ᠋ᠠᠶᠢᠲ᠋ᠠ ᠶᠢᠨ ᠠᠷᠠᠴᠢᠯᠠᠵᠤ ᠬᠠᠮᠠᠭᠠᠯᠠᠬᠤ ᠭᠠᠷ ᠠᠪᠤᠯᠭ᠎ᠠ ᠶᠢ ᠰᠤᠳᠤᠯᠤᠨ ᠨᠡᠭᠡᠭᠡᠬᠦ ᠪᠠ ᠬᠡᠷᠡᠭᠯᠡᠬᠦ︾ ᠶᠢ ᠨᠠᠶᠢᠳᠠᠪᠤᠷᠢᠵᠢᠭᠤᠯᠤᠨ ᠬᠡᠷᠡᠭᠯᠡᠪᠡ
ᠨᠡᠶᠢᠲᠡᠯᠡᠭᠰᠡᠨ ᠴᠠᠭ᠄
2024/12/13
     ᠲᠣᠰ ᠲᠥᠷᠥᠯ ᠵᠦᠢᠯ ᠢ ᠪᠣᠯ ᠣᠷᠳᠣᠰ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠨᠢ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ᠂ ᠲᠢᠶᠠᠨᠵᠢᠨ ᠤ ᠲᠢᠶᠠᠨ ᠬᠠᠩ ᠴᠤᠸᠠᠩ ᠯᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠱᠠᠩᠬᠠᠶ ᠶᠢᠨ ᠨᠢᠰᠬᠡᠯ ᠦᠢᠯᠡᠳᠬᠦ ᠬᠢᠵᠠᠭᠠᠷᠲᠤ ᠺᠣᠮᠫᠠᠨᠢ ᠯᠤᠭ᠎ᠠ ᠬᠠᠮᠲᠤᠷᠠᠨ᠂ ᠤᠯᠤᠰ ᠲᠤ ᠪᠠᠨ ᠦᠢᠯᠡᠳᠪᠦᠷᠢᠯᠡᠭᠰᠡᠨ ᠨᠢᠰᠬᠡᠯ ᠤᠨ ᠰᠡᠯᠪᠢᠨ ᠵᠠᠰᠠᠬᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠵᠣᠬᠢᠶᠠᠮᠠᠯ ᠣᠶᠤᠨᠴᠢ᠂ ᠵᠢᠱᠢᠮᠡᠭ ᠳᠠᠭᠤᠷᠢᠶᠠᠮᠠᠯ ᠵᠡᠷᠭᠡ ᠮᠡᠷᠭᠡᠵᠢᠯ ᠢ ᠬᠡᠷᠡᠭᠯᠡᠨ ᠤᠯᠤᠰ ᠲᠤ ᠪᠠᠨ ᠦᠢᠯᠡᠳᠪᠦᠷᠢᠯᠡᠭᠰᠡᠨ ᠨᠢᠰᠬᠡᠯ ᠤᠨ ᠰᠡᠯᠪᠢᠨ ᠵᠠᠰᠠᠬᠤ ᠭᠠᠷ ᠠᠪᠤᠯᠭ᠎ᠠ ᠳᠤ ᠭᠤᠷᠪᠠᠨ ᠬᠡᠮᠵᠢᠯᠳᠦ ᠪᠣᠰᠤᠭ᠎ᠠ ᠴᠣᠭᠴᠠᠲᠤ ᠰᠣᠳᠤᠯᠭᠠᠨ ᠬᠢᠵᠦ᠂ ᠰᠡᠯᠪᠢᠨ ᠵᠠᠰᠠᠬᠤ ᠲᠣᠮᠣ ᠳ᠋ᠠᠶᠢᠲ᠋ᠠ ᠪᠠ ᠰᠡᠯᠪᠢᠨ ᠵᠠᠰᠠᠬᠤ ᠯᠣᠭᠢᠭ ᠲᠤ ᠰᠠᠭᠤᠷᠢᠯᠠᠭᠰᠠᠨ ᠤᠯᠤᠰ ᠲᠤ ᠪᠠᠨ ᠦᠢᠯᠡᠳᠪᠦᠷᠢᠯᠡᠭᠰᠡᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ ᠤᠨ ᠭᠤᠷᠪᠠᠨ ᠬᠡᠮᠵᠢᠯᠳᠦ ᠳ᠋ᠠᠶᠢᠲ᠋ᠠ ᠶᠢᠨ ᠠᠷᠠᠴᠢᠯᠠᠵᠤ ᠬᠠᠮᠠᠭᠠᠯᠠᠬᠤ ᠭᠠᠷ ᠠᠪᠤᠯᠭ᠎ᠠ ᠶᠢᠨ ᠪᠣᠯᠪᠠᠰᠤᠷᠠᠯ ᠤᠨ ᠰᠡᠷᠡᠯ ᠮᠡᠳᠡᠷᠡᠮᠵᠢᠲᠦ ᠲᠠᠪᠴᠠᠩ ᠢ ᠪᠣᠶ ᠪᠣᠯᠭᠠᠪᠠ᠃ ᠲᠣᠰ ᠲᠠᠪᠴᠠᠩ ᠢ ᠠᠭᠠᠷ ᠠᠶᠠᠯᠠᠯ ᠤᠨ ᠳᠡᠭᠡᠳᠦ ᠰᠤᠷᠭᠠᠭᠤᠯᠢ᠂ ᠠᠭᠠᠷ ᠠᠶᠠᠯᠠᠯ ᠤᠨ ᠺᠣᠮᠫᠠᠨᠢ᠂ ᠰᠡᠯᠪᠢᠨ ᠵᠠᠰᠠᠬᠤ ᠨᠢᠭᠡᠴᠢ ᠳᠤ ᠬᠡᠷᠡᠭᠯᠡᠵᠦ᠂ ᠠᠭᠠᠷ ᠤᠨ ᠨᠢᠰᠦᠭᠦᠷ ᠢ ᠰᠡᠯᠪᠢᠨ ᠵᠠᠰᠠᠬᠤ ᠦᠨᠡᠮᠯᠡᠯ ᠤᠨ ᠠᠩᠭ᠍ᠯᠢ ᠬᠡᠯᠡᠨ ᠤ ᠵᠡᠷᠭᠡ ᠲᠠᠰ ᠤᠨ ᠰᠢᠯᠭᠠᠯᠲᠠ ᠶᠢᠨ ᠱᠠᠭᠠᠷᠳᠠᠯᠭ᠎ᠠ ᠶᠢ ᠬᠠᠩᠭᠠᠵᠤ᠂ ᠤᠯᠤᠰ ᠲᠤ ᠪᠠᠨ ᠦᠢᠯᠡᠳᠪᠦᠷᠢᠯᠡᠭᠰᠡᠨ ᠬᠤᠳᠠᠯᠳᠤᠭᠠᠨ ᠤ ᠬᠡᠷᠡᠭᠯᠡᠬᠡᠨ ᠤ ᠨᠢᠰᠬᠡᠯ ᠤᠨ ᠭᠠᠳᠠᠭᠠᠳᠤ ᠳᠤ ᠲᠡᠭᠡᠭᠡᠪᠦᠷᠢᠯᠡᠨ ᠡᠵᠡᠩᠨᠡᠬᠦ ᠳᠤ ᠮᠡᠷᠭᠡᠵᠢᠯ ᠤᠨ ᠳᠡᠮᠵᠢᠯᠭᠡ ᠬᠠᠩᠭᠠᠬᠤ ᠪᠣᠯᠤᠨ᠎ᠠ᠃ ᠣᠳᠣᠬᠠᠨ ᠪᠣᠯᠲᠠᠯ᠎ᠠ᠂ ᠲᠤᠰ ᠲᠥᠷᠥᠯ ᠵᠦᠢᠯ ᠤᠨ ᠦᠷ᠎ᠡ ᠪᠦᠲᠦᠭᠡᠯ ᠨᠢ ᠨᠢᠭᠡᠨᠲᠡ ᠤᠯᠤᠰ ᠲᠤ ᠪᠠᠨ ᠦᠢᠯᠡᠳᠪᠦᠷᠢᠯᠡᠭᠰᠡᠨ ᠨᠢᠰᠬᠡᠯ ᠤᠨ ᠠᠵᠢᠯᠯᠠᠭᠤᠯᠵᠤ ᠪᠠᠲᠤᠯᠠᠬᠤ ᠠᠵᠤ ᠠᠬᠤᠶᠢᠯᠠᠯ᠂ ᠣᠷᠳᠣᠰ ᠬᠡᠷᠡᠭᠯᠡᠭᠡᠨ ᠤ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠮᠣ ᠨᠢᠰᠬᠡᠯ ᠤᠨ ᠳᠡᠭᠡᠳᠦ ᠰᠤᠷᠭᠠᠭᠤᠯᠢ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠭᠡ ᠰᠤᠷᠭᠠᠭᠤᠯᠢ ᠶᠢᠨ ᠢᠳᠡᠪᠬᠢᠲᠡᠶ ᠬᠡᠷᠡᠭᠯᠡᠭᠰᠡᠨ ᠬᠠᠷᠢᠭᠤ ᠲᠤᠰᠬᠠᠯ ᠢ ᠣᠯᠤᠭᠰᠠᠨ ᠪᠥᠭᠡᠳ ᠵᠢᠶᠠᠩᠰᠢ ᠶᠢᠨ ᠠᠭᠠᠷ ᠠᠶᠠᠯᠠᠯ ᠤᠨ ᠺᠣᠮᠫᠠᠨᠢ᠂ ᠴᠧᠩᠳᠦ᠋ ᠶᠢᠨ ᠠᠭᠠᠷ ᠠᠶᠠᠯᠠᠯ ᠤᠨ ᠺᠣᠮᠫᠠᠨᠢ ᠪᠣᠯᠤᠨ ᠳ᠋ᠦᠩ ᠹᠠᠩ ᠠᠭᠠᠷ ᠠᠶᠠᠯᠠᠯ ᠤᠨ ᠵᠢᠶᠠᠩᠰᠢ ᠶᠢᠨ ᠬᠤᠪᠢᠶᠠᠷᠢ ᠺᠣᠮᠫᠠᠨᠢ ᠯᠤᠭ᠎ᠠ ᠲᠤᠷᠰᠢᠨ ᠬᠡᠷᠡᠭᠯᠡᠬᠦ ᠵᠦᠪᠯᠡᠯᠴᠡᠭᠡᠷ ᠲᠣᠭᠲᠠᠪᠠ᠃ ︵ᠣᠷᠳᠣᠰ ᠬᠤᠲᠠ ᠶᠢᠨ ᠵᠠᠰᠠᠭ ᠤᠨ ᠣᠷᠳᠣᠨ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ