ᠦᠣᠰᠢᠨ ᠬᠤᠰᠢᠭᠤ ᠮᠠᠰᠢᠨ ᠲᠡᠷᠭᠡ ᠬᠤᠳᠠᠯᠳᠤᠨ ᠠᠪᠬᠤ ᠬᠡᠷᠡᠭᠯᠡᠭᠡᠨ ᠤ ᠲᠡᠮᠲᠡᠭᠲᠦ ᠲᠠᠷᠬᠠᠭᠠᠯ᠎ᠠ
ᠨᠡᠶᠢᠲᠡᠯᠡᠭᠰᠡᠨ ᠴᠠᠭ᠄
2024/12/19
      ᠬᠡᠷᠡᠭᠯᠡᠭᠡᠨ ᠤ ᠦᠷᠨᠢᠯᠲᠠ ᠶᠢ ᠤᠯᠠᠮ ᠨᠢᠭᠡ ᠠᠯᠬᠤᠮ ᠳᠠᠶᠢᠴᠢᠯᠡᠵᠤ᠂ ᠬᠡᠷᠡᠭᠯᠡᠭᠴᠢᠳ ᠤᠨ ᠲᠡᠷᠭᠡ ᠬᠤᠳᠠᠯᠳᠤᠨ ᠠᠪᠬᠤ ᠶᠢ ᠲᠠᠮᠵᠢᠵᠤ᠂ ᠮᠠᠰᠢᠨ ᠲᠡᠷᠭᠡᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠦᠯᠥᠭᠡ᠂ ᠦᠣᠰᠢᠨ ᠬᠤᠰᠢᠭᠤᠨ ᠤ ᠠᠵᠤ ᠦᠢᠯᠡᠳᠪᠤᠷᠢ ᠮᠡᠳᠡᠭᠡ ᠵᠠᠩᠬᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 12 ᠰᠠᠷ᠎ᠠ ᠶᠢᠨ 16᠎ ᠤ ᠡᠳᠤᠷ ︽ᠶᠦᠨ ᠶᠢᠦ ᠤᠷᠳᠤᠰ︾ ᠸᠢᠴᠠᠲ ᠤᠨ ᠵᠢᠵᠢᠭ ᠰᠣᠹᠲ ᠢᠶᠠᠷ ᠳᠠᠮᠵᠢᠭᠤᠯᠤᠨ ᠨᠡᠶᠢᠲᠡ 95 ᠲᠦᠮᠡᠨ ᠲᠥᠭᠦᠷᠢᠭ ᠤᠨ ᠮᠠᠰᠢᠨ ᠲᠡᠷᠭᠡᠨ ᠤ ᠬᠡᠷᠡᠭᠯᠡᠭᠡᠨ ᠤ ᠲᠡᠮᠳᠡᠭᠲᠦ ᠲᠠᠷᠬᠠᠭᠠᠬᠤ ᠪᠣᠯᠣᠨ᠎ᠠ᠃      ᠴᠠᠭ᠄  2024 ᠣᠨ ᠤ 12 ᠰᠠᠷ᠎ᠠ ᠶᠢᠨ 16 ~ 25᠎ ᠤ ᠡᠳᠤᠷ᠂ ᠡᠳᠤᠷ ᠪᠦᠷᠢ ᠶᠢᠨ ᠦᠳᠡ ᠶᠢᠨ ᠡᠮᠤᠨ᠎ᠡ 9᠄ 00 ᠴᠠᠭ᠂ ᠦᠳᠡ ᠶᠢᠨ ᠬᠤᠶᠢᠨ᠎ᠡ 3᠄ 00 ᠴᠠᠭ ᠲᠤ ︽ᠶᠦᠨ ᠶᠢᠦ ᠤᠷᠳᠤᠰ︾ ᠸᠢᠴᠠᠲ ᠤᠨ ᠵᠢᠵᠢᠭ ᠰᠣᠹᠲ ᠢᠶᠠᠷ ᠳᠠᠮᠵᠢᠨ ᠬᠦᠮᠤᠨ ᠪᠦᠷᠢ ᠡᠳᠤᠷ ᠪᠦᠷᠢ 1 ᠬᠡᠷᠡᠭᠯᠡᠭᠡᠨ ᠤ ᠲᠡᠮᠳᠡᠭᠲᠦ ᠪᠠᠷ ᠬᠢᠵᠠᠭᠠᠷᠯᠠᠨ ᠲᠤᠬᠠᠢ ᠶᠢᠨ ᠡᠳᠤᠷ ᠲᠤ ᠬᠦᠴᠦᠨ ᠲᠠᠢ ᠪᠠᠶᠢᠬᠤ ᠪᠣᠯᠣᠨ᠎ᠠ᠃      
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ