ᠬᠠᠩᠬᠢᠨ ᠬᠤᠰᠢᠭᠤ 146 ᠭᠤᠤᠯᠳᠠᠯᠭ᠎ᠠ ᠲᠠᠢ ᠲᠦᠷᠤᠯ ᠵᠤᠶᠢᠯ ᠢ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/20
    2024 ᠣᠨ ᠳᠤ᠂ ᠬᠠᠩᠬᠢᠨ ᠬᠤᠰᠢᠭᠤ 146 ᠭᠤᠣᠯᠳᠠᠯᠭ᠎ᠠ ᠲᠠᠢ ᠲᠦᠷᠤᠯ ᠵᠦᠢᠯ ᠢ ᠬᠡᠷᠡᠭᠵᠢᠭᠦᠯᠬᠦ ᠪᠠᠷ ᠲᠦᠯᠤᠪᠯᠡᠵᠦ᠂ ᠶᠡᠷᠦᠩᠬᠡᠢ ᠪᠡᠯᠡ ᠣᠷᠤᠭᠤᠯᠤᠯᠲᠠ ᠎ ᠨᠢ 896 ᠳ᠋ᠦᠩᠰᠢᠭᠤᠷ ᠲᠦᠭᠦᠷᠢᠭ ᠲᠤ ᠬᠦᠷᠤᠨ᠂ ᠵᠢᠯ ᠤᠨ ᠳᠣᠲᠣᠷ᠎ᠠ 188 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠦᠯᠤᠪᠯᠡᠵᠦ ᠪᠣᠢ᠃ ᠲᠦᠷᠤᠯ ᠵᠦᠢᠯ ᠨᠢ ᠡᠨᠧᠷᠬᠢ ᠶᠢᠨ ᠨᠡᠬᠡᠭᠡᠯᠲᠡ᠂ ᠠᠵᠤ ᠦᠢᠯᠡᠰ ᠤᠨ ᠬᠥᠭᠵᠢᠯᠲᠡ᠂ ᠠᠮᠢ ᠠᠬᠤᠢ ᠶᠢᠨ ᠵᠠᠰᠠᠯᠲᠠ᠂ ᠬᠦᠳᠡᠭᠡ ᠲᠣᠰᠬᠤᠨ ᠢ ᠬᠦᠭᠵᠢᠭᠦᠯᠣᠨ ᠮᠡᠨᠳᠤᠭᠤᠯᠬᠤ᠂ ᠨᠡᠶᠢᠭᠡᠮ ᠤᠨ ᠦᠢᠯᠡᠰ ᠤᠨ ᠬᠥᠭᠵᠢᠯᠲᠡ᠂ ᠬᠤᠲᠠ ᠪᠠᠯᠭᠠᠰᠤᠨ ᠤ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠤᠯᠠᠨ ᠬᠦᠷᠢᠶ᠎ᠡ ᠶᠢ ᠬᠠᠮᠤᠷᠴᠠᠢ᠃ ᠶᠡᠷᠤᠩᠬᠡᠢ ᠪᠡᠯᠡ ᠣᠷᠤᠭᠤᠯᠤᠯᠲᠠ ᠨᠢ 115 ᠳ᠋ᠦᠩᠰᠢᠭᠤᠷ ᠲᠦᠭᠦᠷᠢᠭ᠂ ᠬᠡᠷᠡᠯ ᠴᠠᠨᠡᠭ ᠤᠨ ᠮᠠᠰᠢᠨ ᠴᠣᠭᠴᠠᠯᠠᠪᠤᠷᠢ ᠶᠢᠨ ᠶᠡᠷᠤᠩᠬᠡᠢ ᠪᠠᠭᠲᠠᠭᠠᠮᠵᠢ ᠨᠢ 13 GW᠎ ᠶᠢ ᠲᠦᠯᠥᠪᠵᠢᠭᠦᠯᠦᠭᠰᠡᠨ ᠬᠠᠩᠬᠢᠨ ᠬᠤᠰᠢᠭᠤᠨ ᠤ ᠬᠦᠪᠴᠢ ᠶᠢᠨ ᠡᠯᠡᠰᠤᠨ ᠤ ᠡᠮᠤᠨ᠎ᠡ ᠬᠡᠰᠡᠭ ᠤᠨ ᠱᠦᠸᠧ ᠹᠠᠩ ᠰᠢᠨ᠎ᠡ ᠡᠨᠧᠷᠬᠢ ᠶᠢᠨ ᠲᠣᠮᠣ ᠰᠠᠭᠤᠷᠢᠨ ᠭᠠᠵᠠᠷ ᠲᠤ ᠮᠠᠰᠢᠨ ᠮᠧᠬᠠᠨᠢᠭ ᠬᠦᠷᠴᠢᠬᠢᠨᠠᠵᠤ᠂ ᠬᠦᠮᠤᠨ ᠵᠣᠨ ᠶᠠᠭᠠᠷᠠᠯᠳᠤᠨ᠂ ᠵᠠᠷᠢᠮ ᠨᠢ ᠬᠡᠷᠡᠯ ᠸᠣᠯᠲ ᠤᠨ ᠬᠠᠪᠳᠠᠰᠤ ᠶᠢ ᠤᠭᠰᠠᠷᠠᠵᠤ᠂ ᠵᠠᠷᠢᠮ ᠨᠢ ᠪᠠᠭᠠᠨ᠎ᠠ ᠪᠣᠰᠬᠠᠵᠤ᠂ ᠵᠠᠷᠢᠮ ᠨᠢ ᠰᠠᠭᠤᠷᠢ ᠶᠢ ᠪᠠᠬᠢᠵᠢᠭᠦᠯᠵᠦ᠂ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠣᠨ ᠢᠶᠠᠷ ᠎ ᠢᠶᠠᠨ ᠠᠬᠢᠭᠤᠯᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ᠲᠣᠮᠣ ᠰᠠᠭᠤᠷᠢᠨ ᠭᠠᠵᠠᠷ ᠤᠨ ᠲᠦᠷᠤᠯ ᠵᠦᠢᠯ ᠢ ᠪᠥᠬᠦ ᠲᠠᠯ᠎ᠠ ᠪᠠᠷ ᠪᠦᠲᠤᠭᠡᠨ ᠪᠠᠶᠢᠭᠤᠯᠬᠤ ᠳᠤ ᠰᠠᠭᠤᠷᠢ ᠲᠠᠯᠪᠢᠵᠤ᠂ ︽ᠤᠮᠠᠷᠠᠲᠤ ᠶᠢᠨ ᠭᠤᠷᠪᠠᠨ ᠣᠷᠣᠨ︾᠎ ᠤ ᠪᠣᠬᠢᠷᠳᠤᠯ ᠦᠭᠡᠢ ᠬᠠᠯᠬᠠᠪᠴᠢ ᠶᠢ ᠴᠤᠭᠴᠠᠯᠠᠬᠤ ᠳᠤ ᠬᠡᠷᠡᠯ ᠴᠡᠨᠡᠭ ᠢᠶᠠᠷ ᠡᠯᠡᠰᠤ ᠶᠢ ᠵᠠᠰᠠᠬᠤ ᠰᠢᠨ᠎ᠡ ᠬᠡᠪ ᠢ ᠪᠦᠷᠢᠯᠳᠦᠭᠦᠯᠦᠨ᠎ᠡ᠃    ᠶᠡᠷᠤᠩᠬᠡᠢ ᠪᠡᠯᠡ ᠤᠷᠤᠭᠤᠯᠤᠯᠲᠠ ᠨᠢ 19 ᠳ᠋ᠦᠩᠰᠢᠭᠤᠷ ᠲᠦᠭᠦᠷᠢᠭ ᠤᠨ ᠲᠦᠮᠥᠰᠤ ᠡᠳ᠋ᠰᠢᠭᠦᠯᠬᠦ ᠨᠡᠭᠦᠷᠡᠰᠤᠳᠦ᠋ᠷᠣᠭ᠍ᠴᠢ ᠥᠯᠥ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠦᠷᠤᠯ ᠵᠦᠢᠯ ᠨᠢ ᠲᠦᠮᠣᠰᠤ ᠶᠢᠨ ᠪᠦᠷᠢᠨ ᠨᠣᠨᠳᠠᠭ ᠦᠢᠯᠡᠳᠪᠦᠷᠢᠯᠡᠵᠦ ᠡᠳ᠋ᠰᠢᠭᠦᠯᠬᠦ ᠲᠠᠰᠤᠭ᠂ ᠤᠬᠢᠶᠠᠵᠤ ᠴᠡᠪᠡᠷᠯᠡᠬᠦ ᠲᠠᠰᠤᠭ᠂ ᠪᠦᠲᠦᠭᠡᠭᠳᠡᠭᠦᠨ ᠤ ᠬᠥᠮᠣᠷᠭᠡ ᠠᠴᠠ ᠪᠦᠲᠦᠭᠡᠨ ᠪᠠᠶᠢᠭᠤᠯᠤᠯᠲᠠ ᠳᠤ ᠬᠡᠷᠡᠭᠰᠡᠬᠦ ᠮᠠᠲ᠋ᠧᠷᠢᠶᠠᠯ᠂ ᠦᠢᠯᠡᠳᠪᠤᠷᠢᠯᠠᠯ ᠤᠨ ᠠᠷᠭ᠎ᠠ ᠮᠠᠶ᠋ᠢᠭ ᠵᠡᠷᠭᠡ ᠶᠢ ᠴᠥᠮ ᠤᠯᠤᠰ ᠤᠨ ᠨᠡᠭᠦᠷᠡᠰᠤᠳᠦ᠋ᠷᠣᠭ᠍ᠴᠢ ᠥᠯᠥ ᠭᠠᠳᠠᠭᠰᠢᠯᠠᠭᠤᠯᠬᠤ ᠠᠵᠤ ᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠤᠭᠠᠷ ᠬᠢᠵᠦ᠂ ᠬᠡᠪᠴᠢᠶ᠎ᠠ ᠪᠠᠷ ᠬᠠᠮᠤᠭ ᠤᠨ ᠶᠡᠭᠡ ᠪᠥᠬᠦ ᠤᠯᠤᠰ ᠤᠨ ᠠᠩᠬᠠᠳᠠᠭᠴᠢ ᠨᠡᠭᠦᠷᠡᠰᠤᠳᠦ᠋ᠷᠣᠭ᠍ᠴᠢ ᠥᠯᠥ ᠭᠠᠳᠠᠭᠰᠢᠯᠠᠭᠤᠯᠬᠤ ᠲᠦᠮᠥᠰᠤ ᠶᠢᠨ ᠪᠦᠷᠢᠨ ᠨᠣᠨᠳᠠᠭ ᠪᠣᠯᠪᠠᠰᠤᠷᠠᠭᠤᠯᠬᠤ ᠦᠢᠯᠡᠳᠪᠤᠷᠢ ᠶᠢ ᠪᠠᠶᠢᠭᠤᠯᠬᠤ ᠪᠠᠷ ᠪᠠᠶᠢᠨ᠎ᠠ᠃ ᠲᠦᠷᠤᠯ ᠵᠦᠢᠯ ᠨᠢ ᠣᠳᠣᠬᠠᠨ ᠳᠤ ᠨᠢᠭᠡᠨᠲᠡ 3.5 ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠯᠲᠠ ᠶᠢ ᠪᠡᠶᠠᠯᠡᠭᠦᠯᠦᠨ᠂ 2025 ᠣᠨ ᠤ 10 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠪᠣᠢ᠃ ᠲᠥᠷᠤᠯ ᠵᠦᠢᠯ ᠨᠢ ᠪᠥᠬᠦ ᠳᠡᠯᠡᠬᠡᠢ ᠶᠢᠨ ᠬᠠᠮᠤᠭ ᠤᠨ ᠲᠣᠮᠣ ᠲᠦᠮᠥᠰᠤ ᠶᠢᠨ ᠪᠦᠷᠢᠨ ᠨᠣᠨᠳᠠᠭ ᠤᠨ ᠣᠷᠴᠢᠯᠳᠠᠲᠤ ᠠᠵᠤ ᠦᠢᠯᠡᠰ ᠤᠨ ᠬᠡᠯᠬᠢᠶ᠎ᠡ ᠪᠣᠯᠬᠤ ᠪᠥᠭᠡᠳ ᠮᠠᠨ ᠤ ᠤᠯᠤᠰ ᠤᠨ ᠠᠩᠬᠠᠳᠠᠭᠴᠢ ᠨᠡᠭᠦᠷᠡᠰᠤᠳᠦ᠋ᠷᠣᠭ᠍ᠴᠢ ᠥᠯᠥ ᠭᠠᠳᠠᠭᠰᠢᠯᠠᠭᠤᠯᠬᠤ ᠢᠳᠡᠭᠡᠨ ᠪᠣᠯᠪᠠᠰᠤᠷᠠᠭᠤᠯᠬᠤ ᠦᠢᠯᠡᠳᠪᠤᠷᠢᠯᠡᠯ ᠤᠨ ᠱᠣᠭᠤᠮ ᠪᠣᠯᠬᠤ ᠪᠣᠯᠣᠨ᠎ᠠ᠃    ᠡᠭᠦᠨ ᠠᠴᠠ ᠭᠠᠳᠠᠨ᠎ᠠ ᠠᠮᠠᠢ ᠠᠬᠤᠢ᠂ ᠠᠷᠠᠳ ᠤᠨ ᠠᠮᠢᠳᠤᠷᠠᠯ ᠤᠨ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠲᠤ ᠳᠤᠨᠢ ᠠᠳᠬᠤᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠬᠠᠮᠤᠭ ᠤᠨ ᠴᠢᠬᠤᠯᠠ ᠰᠠᠭᠤᠷᠢ ᠪᠦᠲᠦᠭᠡᠨ ᠪᠠᠶᠢᠭᠤᠯᠤᠯᠲᠠ ᠪᠣᠯᠭᠠᠨ ᠴᠢᠬᠤᠯᠠᠴᠢᠯᠠᠵᠤ᠂ ᠪᠥᠬᠦ ᠬᠤᠰᠢᠭᠤᠨ ᠤ ᠺᠠᠳ᠋ᠷ ᠤᠯᠠᠨ ᠲᠦᠮᠡᠨ ᠢ ᠪᠦᠯᠭᠦᠮᠳᠡᠭᠦᠯᠦᠨ ᠲᠠᠶᠢᠴᠢᠯᠡᠵᠦ᠂ ᠬᠦᠪᠴᠢ ᠶᠢᠨ ᠡᠯᠡᠰᠤᠨ ᠳᠤ ᠬᠠᠭᠠᠰ ᠵᠠᠭᠤᠨ ᠦᠷᠭᠦᠯᠵᠢᠯᠡᠭᠰᠡᠨ ᠡᠯᠡᠰᠤ ᠶᠢ ᠰᠡᠷᠭᠡᠶᠢᠯᠡᠨ ᠵᠠᠰᠠᠬᠤ ᠤᠳᠠᠭᠠᠨ ᠲᠠᠭᠠᠭᠠᠮᠠᠭᠠᠢ ᠲᠠᠶᠢᠨ ᠢ ᠦᠷᠨᠢᠭᠦᠯᠪᠡ᠃    ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠣᠢ ᠰᠢᠭᠤᠢ ᠡᠪᠡᠰᠦ ᠪᠠᠯᠴᠢᠭᠡᠷ ᠤᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠤᠭᠡᠨ ᠪᠠᠶᠢᠭᠤᠯᠤᠯᠲᠠ ᠶᠢ ᠨᠡᠶᠢᠲᠡ 1386.5 ᠲᠦᠮᠡᠨ ᠮᠦ ᠪᠡᠶᠡᠯᠡᠭᠦᠯᠪᠡ᠃ ᠪᠥᠬᠦ ᠬᠤᠰᠢᠭᠤᠨ ᠤ ᠣᠢ ᠰᠢᠭᠤᠢ ᠶᠢᠨ ᠪᠦᠷᠭᠦᠴᠡ 2000 ᠣᠨ ᠤ 7.23%᠎ ᠠᠴᠠ ᠣᠳᠣ ᠶᠢᠨ 18.08% ᠪᠣᠯᠵᠤ᠂ ᠣᠢ ᠰᠢᠭᠤᠢ ᠡᠪᠡᠰᠦᠨ ᠤ ᠶᠡᠷᠤᠩᠬᠡᠶᠢᠯᠡᠭᠰᠡᠨ ᠤᠷᠭᠤᠮᠠᠯ ᠤᠨ ᠪᠦᠷᠭᠦᠴᠡ 16.2%᠎ ᠠᠴᠠ 65% ᠪᠣᠯᠵᠤ᠂ ᠬᠥᠪᠴᠢ ᠶᠢᠨ ᠡᠯᠡᠰᠤ ᠶᠢ ᠵᠠᠰᠠᠭᠰᠠᠨ ᠲᠠᠯᠠᠪᠠᠢ 147 ᠲᠦᠮᠡᠨ ᠮᠦ ᠠᠴᠠ 484 ᠲᠦᠮᠡᠨ ᠮᠦ ᠪᠣᠯᠵᠤ᠂ ᠲᠡᠤᠭᠡᠲᠤ ᠴᠢᠨᠠᠷᠲᠠᠢ ᠬᠤᠪᠢᠷᠠᠯᠲᠠ ᠶᠢ ᠪᠠᠶᠠᠯᠡᠭᠦᠯᠪᠠ᠃ 2023 ᠣᠨ ᠤ 8 ᠰᠠᠷ᠎ᠠ ᠶᠢᠨ 9᠎ ᠤ ᠡᠳᠤᠷ ᠬᠠᠲᠤᠨ ᠲᠣᠬᠤᠢ ᠶᠢᠨ ᠴᠥᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠪᠣᠭᠤᠮᠲᠠ ᠰᠢᠪᠳᠤᠯᠬᠤ ᠲᠠᠶᠢᠯᠠᠯᠳᠤᠭᠠᠨ ᠢ ᠪᠥᠬᠦ ᠲᠠᠯ᠎ᠠ ᠪᠠᠷ ᠡᠬᠢᠯᠡᠭᠦᠯᠵᠦ᠂ 144 ᠲᠦᠮᠡᠨ ᠮᠦ ᠣᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠠᠶᠠᠯᠡᠭᠦᠯᠬᠦ ᠪᠠᠷ ᠲᠦᠯᠤᠪᠯᠡᠵᠦ᠂ ᠣᠳᠣᠬᠠᠨ ᠳᠤ ᠨᠡᠶᠢᠲᠡ 113 ᠲᠦᠮᠡᠨ ᠮᠦ ᠶᠢ ᠪᠡᠶᠡᠯᠡᠭᠦᠯᠵᠦ᠂ 7.86 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠠ᠃     
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ