︽ᠨᠢᠭᠡ ᠬᠡᠯᠬᠢᠶ᠎ᠡ︾ ᠭᠡᠳᠡᠭ ᠨᠢ ᠤᠰᠤᠲᠥ᠋ᠷᠥᠭᠴᠢ ᠡᠨᠧᠷᠭᠢ ᠶᠢ ︽ᠦᠢᠯᠡᠳᠬᠦ ᠨᠥᠭᠡᠴᠡᠯᠡᠬᠦ ᠵᠥᠭᠡᠭᠡᠪᠦᠷᠢᠯᠡᠬᠦ ᠬᠡᠷᠡᠭᠯᠡᠬᠦ ᠦᠢᠯᠡᠴᠢᠯᠡᠬᠦ︾ ᠪᠥᠬᠦ ᠠᠵᠤ | ᠦᠢᠯᠡᠰ ᠤᠨ ᠬᠡᠯᠬᠢᠶ᠎ᠡ ᠪᠣᠯᠣᠨ᠎ᠠ᠃ ︽ᠬᠡᠪᠴᠢᠶᠡᠵᠢᠭᠦᠯᠦᠨ ᠦᠢᠯᠡᠳᠴᠦ ᠪᠡᠯᠡᠳᠬᠡᠬᠦ᠂ ᠥᠨᠳᠥᠷ ᠪᠦᠲᠦᠮᠵᠢᠲᠡᠶ ᠪᠠᠷ ᠨᠥᠭᠡᠴᠡᠯᠡᠵᠦ ᠵᠥᠭᠡᠭᠡᠪᠦᠷᠢᠯᠡᠬᠦ᠂ ᠣᠯᠠᠨ ᠡᠰᠢᠵᠢᠭᠦᠯᠦᠨ | ᠬᠡᠷᠡᠭᠯᠡᠬᠦ᠂ ᠲᠣᠨᠤᠭ ᠲᠥᠬᠦᠭᠡᠷᠦᠮᠵᠢ ᠦᠢᠯᠡᠳᠬᠦ ᠵᠢᠴᠢ ᠦᠢᠯᠡᠴᠢᠯᠡᠵᠦ ᠪᠠᠲᠤᠯᠠᠬᠤ︾ ᠶᠢᠨ ᠲᠣᠭᠤᠷᠢᠨ ᠳᠤ ᠲᠠᠪᠤᠨ ᠵᠦᠢᠯ ᠤᠨ ᠴᠢᠳᠠᠪᠤᠷᠢ ᠶᠢᠨ ᠪᠠᠶᠢᠭᠤᠯᠤᠯᠲᠠ ᠶᠢ | ᠥᠷᠨᠢᠭᠦᠯᠪᠡ᠂ ᠣᠳᠣᠬᠠᠨ ᠳᠤ ᠵᠢᠯ ᠪᠦᠷᠢ 18.73 ᠲᠦᠮᠡᠨ ᠲᠣᠨ ᠤᠰᠤᠲᠥ᠋ᠷᠥᠭᠴᠢ ᠦᠢᠯᠡᠳᠬᠦ ᠶᠡᠷᠦᠩᠬᠡᠢ ᠬᠡᠪᠴᠢᠶᠡᠵᠢᠯ ᠨᠢ ᠨᠢᠭᠡᠨᠲᠡ ᠵᠥᠪᠰᠢᠶᠡᠷᠡᠯ ᠣᠯᠵᠣ᠂ | ᠨᠢᠭᠡᠨᠲᠡ ᠤᠰᠤᠲᠥ᠋ᠷᠥᠭᠴᠢ ᠶᠢᠨ ᠰᠢᠲᠠᠭᠠᠯᠭ᠎ᠠ ᠶᠢᠨ ᠴᠡᠨᠡᠭ ᠤᠨ ᠰᠢᠰᠲ᠋ᠧᠮ ᠢ ᠵᠢᠯ ᠪᠦᠷᠢ 1.4 ᠲᠦᠮᠡᠨ ᠢᠵᠢ᠂ ᠴᠠᠬᠢᠯᠭᠠᠨ ᠵᠠᠳᠠᠯᠤᠯ ᠤᠨ ᠬᠤᠪᠢᠯ ᠢ ᠵᠢᠯ ᠪᠦᠷᠢ | 510 ᠢᠵᠢ ᠦᠢᠯᠡᠳᠪᠦᠷᠢᠯᠡᠬᠦ ᠬᠡᠪᠴᠢᠶᠡᠵᠢᠯ ᠢ ᠪᠦᠷᠢᠯᠳᠦᠭᠦᠯᠪᠡ᠃ ︽ᠬᠤᠶᠠᠷ ᠲᠣᠣᠷ︾ ᠭᠡᠳᠡᠭ ᠨᠢ ︽ᠤᠰᠤᠲᠥ᠋ᠷᠥᠭᠴᠢ ᠡᠨᠧᠷᠭᠢ ᠳᠠᠮᠵᠢᠭᠤᠯᠵᠤ ᠳᠣᠬᠢᠷᠠᠭᠤᠯᠬᠤ | ᠬᠤᠭᠤᠯᠠᠢ ᠭᠤᠤᠷᠰᠤ ᠶᠢᠨ ᠲᠣᠣᠷ︾ ᠪᠠ ︽ᠤᠰᠤᠲᠥ᠋ᠷᠥᠭᠴᠢ ᠡᠨᠧᠷᠭᠢ ᠶᠢᠨ ᠵᠠᠮ ᠬᠠᠷᠢᠯᠴᠠᠭᠠᠨ ᠤ ᠲᠣᠣᠷ︾ ᠪᠣᠯᠣᠨ᠎ᠠ᠃ ︽ᠣᠷᠳᠣᠰ ᠢ ᠬᠦᠷᠢᠶᠡᠯᠡᠭᠰᠡᠨ︾ | ᠤᠰᠤᠲᠥ᠋ᠷᠥᠭᠴᠢ ᠡᠨᠧᠷᠭᠢ ᠶᠢᠨ ᠬᠤᠭᠤᠯᠠᠶ ᠭᠤᠤᠷᠰᠤ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ | ᠤᠰᠤᠲᠥ᠋ᠷᠥᠭᠴᠢ ᠶᠢ ᠦᠢᠯᠡᠳᠦᠨ ᠤᠰᠤᠲᠥ᠋ᠷᠥᠭᠴᠢ ᠨᠡᠮᠡᠬᠦ ᠶᠢ ᠨᠢᠭᠡ ᠴᠤᠭᠴᠠᠵᠢᠭᠤᠯᠬᠤ ᠥᠷᠲᠡᠭᠡ ᠵᠢᠴᠢ ᠶᠡᠷᠦᠩᠬᠡᠶᠢᠯᠡᠨ ᠢᠵᠢ ᠪᠦᠷᠢᠳᠦᠭᠰᠡᠨ ᠤᠰᠤᠲᠥ᠋ᠷᠥᠭᠴᠢ | ᠨᠡᠮᠡᠬᠦ ᠡᠬᠡ ᠥᠷᠲᠡᠭᠡ᠂ ᠨᠡᠶᠢᠯᠡᠮᠡᠯ ᠡᠨᠧᠷᠭᠢ ᠶᠢᠨ ᠥᠷᠲᠡᠭᠡᠨ ᠤ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ᠤᠰᠤᠲᠥ᠋ᠷᠥᠭᠴᠢ ᠶᠢᠨ ᠰᠢᠲᠠᠭᠠᠯᠭ᠎ᠠ ᠶᠢᠨ | ᠴᠡᠨᠡᠭ ᠤᠨ ᠬᠦᠨᠳᠦ ᠠᠴᠢᠶᠠᠨ ᠤ ᠮᠠᠰᠢᠨ ᠵᠡᠷᠭᠡ ᠶᠢᠨ ᠵᠢᠱᠢᠶ᠎ᠡ ᠦᠵᠡᠭᠦᠯᠦᠨ ᠡᠵᠡᠩᠨᠡᠵᠦ ᠠᠵᠢᠯᠯᠠᠭᠤᠯᠬᠤ ᠪᠠᠨ ᠬᠠᠮᠲᠤ ᠳᠤ ᠨᠢ ᠥᠷᠨᠢᠭᠦᠯᠪᠡ᠃ ᠣᠳᠣᠬᠠᠨ ᠪᠣᠯᠲᠠᠯ᠎ᠠ᠂ | ᠪᠥᠬᠦ ᠬᠤᠲᠠ ᠳᠤ ᠤᠰᠤᠲᠥ᠋ᠷᠥᠭᠴᠢ ᠶᠢᠨ ᠰᠢᠲᠠᠭᠠᠯᠭ᠎ᠠ ᠶᠢᠨ ᠴᠡᠨᠡᠭ ᠤᠨ 300 ᠭᠠᠷᠤᠶ ᠮᠠᠰᠢᠨ ᠲᠡᠷᠭᠡ ᠶᠢ ᠬᠡᠷᠡᠭᠯᠡᠨ ᠳᠡᠯᠭᠡᠷᠡᠭᠦᠯᠵᠦ᠂ ᠤᠰᠤᠲᠥ᠋ᠷᠥᠭᠴᠢ ᠨᠡᠮᠡᠬᠦ | ᠥᠷᠲᠡᠭᠡ ᠶᠢ 10 ᠪᠠᠶᠢᠭᠤᠯᠤᠨ ᠳᠠᠭᠤᠰᠬᠠᠵᠤ ᠠᠵᠢᠯᠯᠠᠭᠤᠯᠪᠠ᠃ ︽ᠭᠤᠷᠪᠠᠨ ᠲᠠᠪᠴᠠᠩ︾ ᠭᠡᠳᠡᠭ ᠨᠢ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠪᠠᠷ ᠤᠯᠠᠷᠢᠭᠤᠯᠬᠤ ᠲᠠᠪᠴᠠᠩ᠂ ᠤᠰᠤᠲᠥ᠋ᠷᠥᠭᠴᠢ ᠡᠨᠧᠷᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠣᠯᠤᠨ | ᠤᠰᠤᠲᠥ᠋ᠷᠥᠭᠴᠢ ᠨᠡᠭᠦᠷᠡᠰᠦᠲᠥ᠋ᠷᠥᠭᠴᠢ ᠶᠢᠨ ᠬᠠᠮᠵᠢᠯᠴᠠᠭᠠᠨ ᠤ ᠲᠠᠪᠴᠠᠩ ᠪᠣᠯᠤᠨ᠎ᠠ᠃ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠡᠭᠦᠳᠦᠯᠲᠡ ᠪᠠᠷ ᠤᠯᠠᠷᠢᠭᠤᠯᠬᠤ ᠲᠠᠪᠴᠠᠩ ᠨᠢ ᠪᠥᠬᠦ ᠬᠤᠲᠠ ᠶᠢᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ ᠶᠢᠨ ᠡᠬᠢ ᠪᠠᠶᠠᠯᠢᠭ ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠨ ᠨᠡᠶᠢᠯᠡᠭᠦᠯᠵᠦ᠂ ᠲᠥᠷᠥᠯ ᠵᠦᠢᠯ ᠢ ᠪᠤᠶᠢᠵᠢᠭᠤᠯᠬᠤ | ᠪᠠ ᠤᠯᠠᠷᠢᠭᠤᠯᠬᠤ ᠶᠢ ᠪᠥᠬᠦ ᠲᠠᠯ᠎ᠠ ᠪᠠᠷ᠂ ᠪᠥᠬᠦ ᠬᠡᠯᠬᠢᠶ᠎ᠡ ᠳᠤ ᠨᠢ ᠬᠡᠷᠡᠭᠵᠢᠭᠦᠯᠦᠨ᠎ᠡ︔ ᠤᠰᠤᠲᠥ᠋ᠷᠥᠭᠴᠢ ᠡᠨᠧᠷᠬᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠳᠠᠪᠴᠠᠩ ᠨᠢ ᠤᠰᠤᠳᠦ᠋ᠷᠦᠭᠴᠢ ᠡᠨᠧᠷᠭᠢ ᠶᠢᠨ ᠰᠤᠷᠪᠤᠯᠵᠢ ᠶᠢ ᠰᠢᠯᠭᠠᠨ ᠪᠠᠶᠢᠴᠠᠭᠠᠵᠤ ᠪᠣᠲᠠᠲᠠᠢ ᠭᠡᠷᠡᠴᠢᠯᠡᠭᠡ ᠬᠢᠬᠦ ᠤᠯᠠᠨ ᠨᠡᠶᠢᠳᠡ ᠶᠢᠨ ᠦᠢᠯᠡᠴᠢᠯᠡᠭᠡᠨ ᠤ | ᠴᠢᠳᠠᠪᠤᠷᠢ ᠶᠢ ᠨᠢ ᠳᠦᠷᠭᠡᠪᠴᠢᠯᠡᠨ ᠳᠡᠭᠦᠯᠳᠡᠷᠵᠢᠭᠦᠯᠵᠦ᠂ ᠪᠤᠬᠢᠷᠳᠤᠯ ᠦᠭᠡᠢ ᠤᠰᠤᠳᠦ᠋ᠷᠦᠭᠴᠢ ᠡᠨᠧᠷᠭᠢ ᠶᠢᠨ ᠵᠠᠩᠭᠢᠯᠠᠭ᠎ᠠ ᠪᠣᠯᠬᠤ ᠲᠣᠨᠣᠭᠯᠠᠯ ᠢ ᠪᠤᠳᠠᠳᠠᠢ ᠬᠡᠷᠡᠴᠢᠯᠡᠵᠦ | ᠰᠤᠳᠤᠯᠤᠨ ᠨᠡᠭᠡᠭᠡᠬᠦ ᠳᠦᠪ ᠤᠨ ᠠᠰᠢᠭᠯᠠᠯᠳᠠ ᠳᠤ ᠣᠷᠤᠭᠤᠯᠵᠤ ᠡᠵᠡᠩᠨᠡᠨ ᠠᠵᠢᠯᠯᠠᠭᠤᠯᠬᠤ ᠶᠢ ᠨᠢ ᠳᠦᠯᠬᠢᠨ ᠠᠬᠢᠭᠤᠯᠤᠨ᠎ᠠ︔ ᠤᠰᠤᠲᠥ᠋ᠷᠥᠭᠴᠢ | ᠨᠡᠭᠦᠷᠡᠰᠦᠲᠥ᠋ᠷᠥᠭᠴᠢ ᠶᠢᠨ ᠬᠠᠮᠵᠢᠯᠴᠠᠭᠠᠨ ᠤ ᠲᠠᠪᠴᠠᠩ ᠨᠢ ᠪᠣᠬᠢᠷᠲᠤᠯ ᠥᠬᠡᠶ ᠤᠰᠤᠲᠥ᠋ᠷᠥᠭᠴᠢ ᠡᠨᠧᠷᠭᠢ ᠶᠢᠨ ᠭᠡᠷᠡᠴᠢᠯᠡᠭᠡ ᠪᠠ ᠠᠷᠠᠯᠵᠢᠶ᠎ᠠ ᠶᠢ ᠬᠠᠶᠢᠨ | ᠰᠦᠪᠡᠭᠴᠢᠯᠡᠵᠦ᠂ ᠪᠣᠬᠢᠷᠲᠤᠯ ᠥᠬᠡᠶ ᠤᠰᠤᠲᠥ᠋ᠷᠥᠭᠴᠢ ᠶᠢᠨ ᠡᠨᠧᠷᠭᠢ ᠶᠢᠨ ᠮᠥᠷᠳᠡᠯ ᠭᠡᠷᠡᠴᠢᠯᠡᠭᠡ ᠪᠠ ᠨᠡᠭᠦᠷᠡᠰᠦᠲᠥ᠋ᠷᠥᠭᠴᠢ ᠶᠢᠨ ᠡᠳ᠋ ᠬᠥᠷᠥᠩᠭᠡ ᠶᠢᠨ ᠨᠡᠭᠡᠭᠡᠨ | ᠬᠥᠭᠵᠢᠭᠦᠯᠬᠦ ᠲᠣᠭᠲᠠᠴᠠ ᠶᠢ ᠪᠠᠶᠢᠭᠤᠯᠤᠨ᠂ ᠪᠣᠬᠢᠷᠲᠤᠯ ᠥᠬᠡᠶ ᠤᠰᠤᠲᠥ᠋ᠷᠥᠭᠴᠢ ᠡᠨᠧᠷᠭᠢ ᠶᠢᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠥᠷᠲᠡᠭ ᠢ ᠪᠠᠭᠠᠰᠬᠠᠨ᠎ᠠ᠃ | ︵ᠣᠷᠳᠣᠰ ᠬᠤᠲᠠ ᠶᠢᠨ ᠵᠠᠰᠠᠭ ᠤᠨ ᠣᠷᠳᠣᠨ︶ |