ᠨᠢᠭᠡ ᠳᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢ ᠪᠤᠶᠢᠵᠢᠭᠤᠯᠬᠤ ᠢᠨᠵᠧᠨᠧᠷᠢᠩ ᠢ ᠬᠡᠷᠡᠭᠵᠢᠭᠦᠯᠪᠡ᠃ ᠵᠢᠯ ᠤᠨ ᠡᠬᠢᠨ ᠠᠴᠠ ᠨᠠᠭᠠᠰᠢ᠂ | ᠰᠢᠨ᠎ᠡ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ᠂ ᠥᠩᠭᠡᠲᠦ ᠲᠡᠮᠦᠷᠯᠢᠭ ᠪᠣᠯᠪᠠᠰᠤᠷᠠᠭᠤᠯᠬᠤ᠂ ᠲᠠᠷᠢᠶᠠᠯᠠᠩ ᠮᠠᠯ ᠠᠵᠤ ᠠᠬᠤᠶ᠂ ᠡᠯᠧᠺᠲᠷᠣᠨ ᠮᠡᠳᠡᠭᠡ ᠵᠠᠩᠭᠢ ᠵᠡᠷᠭᠡ | ᠬᠦᠷᠢᠶᠡᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 6᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 52᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ ᠠᠵᠤ ᠠᠬᠤᠶᠢᠯᠠᠯ ᠢ 256 ᠪᠣᠶᠢᠵᠢᠭᠤᠯᠵᠤ ᠭᠤᠶᠤᠴᠢᠯᠠᠨ ᠮᠡᠳᠡᠭᠦᠯᠪᠡ᠃ | ᠬᠤᠶᠠᠷ ᠲᠤ ᠠᠵᠤ ᠦᠢᠯᠡᠰ ᠤᠨ ᠪᠣᠭᠤᠮᠲᠠ ᠰᠢᠪᠲᠤᠯᠬᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ︽ᠰᠤᠩᠭᠠᠷᠢ ᠮᠦᠷᠡᠨ ᠯᠢᠶᠤᠤ ᠡᠾᠧ | ᠭᠤᠣᠯ ᠤᠨ ᠬᠤᠲᠣᠭᠤᠷ ᠤᠨ ᠡᠮᠦᠨᠡᠲᠦ ᠬᠡᠰᠡᠭ ᠤᠨ ᠡᠯᠡᠰᠦᠨ ᠴᠢᠯᠠᠭᠤᠯᠢᠭ ᠤᠨ ᠬᠡᠯᠪᠡᠷᠢ ᠶᠢᠨ ᠦᠷᠡᠨ ᠬᠦᠳᠡᠷ ᠤᠨ ᠡᠷᠦᠳᠡᠰᠦ ᠶᠢᠨ ᠣᠨᠣᠯ ᠬᠢᠭᠡᠳ ᠠᠭᠤᠷᠬᠠᠶ | ᠬᠠᠶᠢᠬᠤ ᠵᠠᠩᠭᠢᠯᠠᠭ᠎ᠠ ᠶᠢᠨ ᠮᠡᠷᠭᠡᠵᠢᠯ ᠤᠨ ᠰᠢᠨ᠎ᠡ ᠡᠭᠦᠳᠦᠯᠲᠡ ᠵᠢᠴᠢ ᠰᠢᠪᠲᠤᠯᠤᠯᠲᠠ︾ ᠨᠢ ᠣᠯᠠᠨ ᠤᠯᠤᠰ ᠤᠨ ᠲᠡᠷᠢᠭᠦᠨ ᠲᠦᠪᠰᠢᠨ ᠳᠤ ᠬᠦᠷᠴᠦ᠂ ︽ᠯᠢ ᠾᠧ | ᠰᠢᠷᠢᠰ ᠡᠷᠳᠡᠨᠢ ᠰᠢᠰᠢ ᠶᠢᠨ ᠰᠢᠯᠢᠳᠡᠭ ᠡᠬᠢ ᠪᠠᠶᠠᠯᠢᠭ ᠢ ᠡᠭᠦᠳᠦᠨ ᠪᠦᠲᠦᠭᠡᠬᠦ ᠪᠠ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠵᠢᠴᠢ ᠬᠡᠷᠡᠭᠯᠡᠬᠦ ᠮᠡᠷᠭᠡᠵᠢᠯ︾᠂ | ︽ᠬᠠᠬᠢᠷ ᠬᠦᠢᠲᠡᠨ ᠬᠠᠭᠤᠷᠠᠢ ᠭᠠᠵᠠᠷ ᠲᠤ ᠶᠤᠸᠠᠢ ᠶᠠᠩ ᠬᠤᠩ ᠠᠯᠮᠤᠷᠠᠳ ᠢ ᠣᠷᠣᠭᠤᠯᠤᠨ ᠠᠪᠴᠢᠷᠠᠬᠤ ᠵᠢᠴᠢ ᠢᠵᠢ ᠪᠦᠷᠢᠳᠦᠭᠦᠯᠦᠨ ᠲᠠᠷᠢᠵᠤ ᠪᠣᠶᠢᠵᠢᠭᠤᠯᠬᠤ | ᠮᠡᠷᠭᠡᠵᠢᠯ ᠤᠨ ᠰᠣᠳᠤᠯᠤᠯ︾ ᠤᠨ ᠦᠷ᠎ᠡ ᠪᠦᠲᠦᠭᠡᠯ ᠨᠢ ᠤᠯᠤᠰ ᠤᠨ ᠳᠣᠲᠣᠭᠠᠳᠤ ᠳᠤ ᠲᠡᠷᠢᠭᠦᠯᠡᠵᠦ ᠪᠤᠢ᠃ ᠭᠤᠷᠪᠠ ᠳᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠢᠨᠵᠧᠨᠧᠷᠢᠩ ᠢ ᠬᠡᠷᠡᠭᠵᠢᠭᠦᠯᠪᠡ᠃ ᠵᠢᠯ ᠤᠨ ᠡᠬᠢᠨ ᠠᠴᠠ ᠨᠠᠭᠠᠰᠢ᠂ ᠨᠡᠶᠢᠳᠡ 135 ᠵᠦᠢᠯ ᠤᠨ ᠮᠡᠷᠭᠡᠵᠢᠯ ᠤᠨ | ᠭᠡᠷ᠎ᠡ ᠶᠢ ᠮᠠᠭᠠᠳᠯᠠᠨ ᠲᠤᠭᠳᠠᠭᠠᠵᠤ ᠳᠠᠩᠰᠠᠯᠠᠭᠰᠠᠨ ᠪᠦᠭᠡᠳ ᠭᠡᠷ᠎ᠡ ᠪᠠᠷ ᠠᠷᠠᠯᠵᠢᠶ᠎ᠠ ᠪᠦᠲᠦᠭᠰᠡᠨ ᠲᠤᠭ᠎ᠠ ᠨᠢ 17392.07 ᠲᠦᠮᠡᠨ ᠲᠦᠭᠦᠷᠢᠭ ᠲᠤ ᠬᠦᠷᠪᠡ︔ | ᠦᠪᠡᠷᠲᠡᠭᠡᠨ ᠵᠠᠰᠠᠬᠤ ᠣᠷᠤᠨ ᠳᠤ 500 ᠲᠦᠮᠡᠨ ᠲᠦᠭᠦᠷᠢᠭ ᠠᠴᠠ ᠳᠡᠭᠡᠭᠰᠢᠬᠢ ᠶᠡᠭᠡ ᠲᠣᠭᠠᠨ ᠤ ᠮᠡᠷᠭᠡᠵᠢᠯ ᠤᠨ ᠭᠡᠷ᠎ᠡ ᠶᠢ ᠤᠷᠢᠳ ᠢᠶᠠᠷ ᠰᠢᠯᠭᠠᠷᠠᠭᠤᠯᠵᠤ | ᠡᠬᠢᠯᠡᠭᠦᠯᠦᠭᠡᠳ ᠨᠡᠶᠢᠲᠡ 4 ᠵᠦᠢᠯ ᠢ ᠰᠢᠯᠭᠠᠷᠠᠭᠤᠯᠪᠠ᠃ ᠳᠥᠷᠪᠡ ᠳᠤ ᠰᠢᠨ᠎ᠡ ᠡᠭᠦᠳᠦᠯᠲᠡ ᠶᠢᠨ ᠲᠠᠪᠴᠠᠩ ᠤᠨ ᠠᠴᠢᠶᠠᠯᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠪᠡ᠃ ︽ᠮᠧᠩ ᠺᠧ ᠵᠢᠦᠢ︾ ᠶᠢᠨ ᠬᠤᠪᠢᠶᠠᠷᠢ ᠲᠥᠪ ᠤᠨ ᠠᠵᠢᠯᠯᠠᠬᠤ ᠥᠷᠲᠡᠭᠡ ᠶᠢ 4 ᠪᠠᠶᠢᠭᠤᠯᠵᠤ᠂ ᠲᠠᠪᠴᠠᠩ ᠳᠤ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠵᠢᠵᠢᠭ ᠠᠵᠤ ᠠᠬᠤᠶᠢᠯᠠᠯ ᠵᠡᠷᠭᠡ ᠶᠢ 401 ᠡᠷᠦᠬᠡ᠂ ᠬᠤᠪᠢ | ᠬᠥᠮᠦᠨ ᠢ 555 ᠳᠠᠩᠰᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ 287 ᠵᠦᠢᠯ ᠨᠡᠶᠢᠲᠡᠯᠡᠵᠦ᠂ ᠤᠯᠠᠷᠢᠭᠤᠯᠵᠤ | ᠨᠠᠶᠢᠳᠠᠪᠤᠷᠢᠵᠢᠭᠤᠯᠤᠭᠰᠠᠨ ᠦᠷ᠎ᠡ ᠪᠦᠲᠦᠭᠡᠯ 23 ᠵᠦᠢᠯ ᠪᠣᠯᠤᠭᠰᠠᠨ ᠪᠦᠭᠡᠳ ᠤᠯᠠᠷᠢᠯᠠᠭᠤᠯᠤᠭᠰᠠᠨ ᠵᠣᠭᠤᠰᠤᠨ ᠲᠤᠭ᠎ᠠ 2416.09 ᠲᠦᠮᠡᠨ ᠲᠥᠭᠦᠷᠢᠭ ᠲᠤ | ᠬᠦᠷᠴᠡᠶ᠃ ᠲᠠᠪᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ ᠢᠨᠵᠧᠨᠧᠷᠢᠩ ᠢ ᠬᠡᠷᠡᠭᠵᠢᠭᠦᠯᠪᠡ᠃ ᠵᠦᠩᠱᠠᠨ | ᠶᠡᠭᠡ ᠰᠤᠷᠭᠠᠭᠤᠯᠢ ᠶᠢᠨ ᠭᠠᠮᠮ᠎ᠠ ᠶᠢᠨ ᠹᠣᠲ᠋ᠤᠨ ᠮᠥᠷᠭᠦᠯᠳᠦᠬᠦ ᠮᠠᠰᠢᠨ ᠵᠢᠴᠢ ᠶᠡᠷᠦᠩᠬᠡᠶᠢᠯᠡᠭᠰᠡᠨ ᠪᠠᠭᠴᠠ ᠤᠷᠤᠰᠬᠠᠯᠲᠤ ᠬᠡᠷᠡᠭᠯᠡᠭᠡᠨ ᠤ ᠪᠡᠯᠡᠳᠬᠡᠮᠵᠢ ᠶᠢᠨ ᠲᠦᠷᠦᠯ | ᠵᠦᠢᠯ ᠯᠦᠭᠡ ᠠᠵᠢᠯ ᠢᠶᠠᠨ ᠵᠣᠯᠭᠠᠭᠤᠯᠵᠤ᠂ ᠰᠢ ᠠᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠼᠤᠤ ᠲᠠᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠤ ᠦᠢᠯᠡᠰ ᠤᠨ ᠰᠠᠭᠤᠷᠢᠨ ᠭᠠᠵᠠᠷ᠂ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ ᠶᠢ ᠠᠬᠢᠭᠤᠯᠬᠤ ᠨᠡᠶᠢᠭᠡᠮᠯᠢᠭ ᠯᠦᠭᠡ | ᠬᠠᠮᠲᠤᠷᠠᠯᠴᠠᠭ᠎ᠠ ᠥᠷᠨᠢᠭᠦᠯᠬᠦ ᠶᠢ ᠰᠦᠪᠡᠭᠴᠢᠯᠡᠵᠦ᠂ ᠪᠡᠭᠡᠵᠢᠩ ᠲᠢᠶᠠᠨᠵᠢᠨ ᠡᡁᠧᠪᠸᠢ ᠶᠢᠨ ᠰᠣᠯᠢᠯᠴᠠᠭᠠᠨ ᠤ ᠭᠠᠷᠠᠭ᠂ ︽ᠬᠤᠶᠠᠷ ᠬᠦᠪᠡᠭᠦᠨ ᠤᠳᠤᠨ ᠣᠷᠣᠨ︾ | ᠨᠡᠷᠡᠮᠵᠢᠲᠦ ᠯᠦᠭᠡ ᠠᠵᠢᠯ ᠵᠣᠯᠭᠠᠭᠤᠯᠬᠤ ᠬᠤᠷᠠᠯ ᠵᠡᠷᠭᠡ ᠠᠵᠢᠯᠯᠠᠭ᠎ᠠ ᠳᠤ 6 ᠤᠳᠠᠭ᠎ᠠ ᠣᠷᠣᠯᠴᠠᠵᠤ᠂ 19 ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠵᠤ᠂ | ᠲᠣᠭᠲᠠᠭᠰᠠᠨ ᠭᠡᠷ᠎ᠡ ᠶᠢᠨ ᠵᠣᠭᠤᠰᠤᠨ ᠲᠤᠭ᠎ᠠ 645 ᠲᠦᠮᠡᠨ ᠲᠥᠭᠦᠷᠢᠭ ᠲᠤ ᠬᠦᠷᠪᠡ᠃ ︵ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ︶ |