ᠣᠶᠢᠷ᠎ᠠ ᠳᠤ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠬᠢᠭᠡᠳ ᠬᠥᠭᠵᠢᠯᠲᠡ ᠶᠢᠨ ᠶᠠᠷᠢᠶᠠᠨ ᠤ ᠳᠠᠪᠴᠠᠩ︾ ᠣᠷᠳᠣᠰ ᠬᠡᠷᠡᠭᠯᠡᠭᠡᠨ ᠤ | ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠭᠰᠠᠨ ᠪᠠᠶᠢᠨ᠎ᠠ᠃ ᠲᠣᠰ ᠤᠳᠠᠭᠠᠨ ᠤ ︽ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠬᠢᠭᠡᠳ | ᠬᠥᠭᠵᠢᠯᠲᠡ ᠶᠢᠨ ᠶᠠᠷᠢᠶᠠᠨ ᠤ ᠳᠠᠪᠴᠠᠩ︾ ᠪᠣᠯ ᠣᠷᠳᠣᠰ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ | ᠰᠤᠳᠤᠯᠭᠠᠨ ᠤ ᠲᠥᠪ ᠤᠨ ᠡᠭᠦᠰᠬᠡᠨ ᠪᠠᠶᠢᠭᠤᠯᠤᠭᠰᠠᠨ ᠣᠨ ᠤ ᠡᠷᠳᠡᠮ ᠰᠢᠨᠵᠢᠯᠡᠭᠡᠨ ᠤ ᠰᠣᠯᠢᠯᠴᠠᠭᠠᠨ ᠤ ᠠᠵᠢᠯᠯᠠᠭ᠎ᠠ ᠪᠣᠯᠣᠨ᠎ᠠ᠃ | ᠲᠣᠰ ᠤᠳᠠᠭᠠᠨ ᠤ ᠶᠠᠷᠢᠶᠠᠨ ᠤ ᠳᠠᠪᠴᠠᠩ ᠨᠢ ︽ᠪᠣᠳᠠᠰ ᠤᠨ ᠪᠤᠰᠤ ᠰᠣᠶᠣᠯ ᠤᠨ ᠥᠪ ᠬᠢᠭᠡᠳ ᠣᠷᠳᠣᠰ ᠠᠷᠠᠳ ᠤᠨ ᠳᠠᠭᠤᠤ᠂ ᠪᠥᠵᠢᠭ᠂ ᠬᠥᠭᠵᠢᠮ ᠤᠨ | ᠬᠠᠮᠠᠭᠠᠯᠠᠯᠲᠠ ᠪᠠ ᠤᠯᠠᠮᠵᠢᠯᠠᠯ ᠬᠢᠭᠡᠳ ᠬᠥᠭᠵᠢᠯᠲᠡ ᠶᠢᠨ ᠦᠢᠯᠡᠳᠦᠯᠭᠡ ᠶᠢᠨ ᠠᠷᠭ᠎ᠠ ᠵᠠᠮ︾᠂ ︽ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠵᠢᠭᠰᠡᠨ | ᠬᠠᠮᠠᠭᠠᠯᠠᠯᠲᠠ︾ ᠵᠡᠷᠭᠡ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ᠂ ︽ᠪᠣᠳᠠᠰ ᠤᠨ ᠪᠤᠰᠤ ᠰᠣᠶᠣᠯ ᠤᠨ ᠥᠪ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ᠂ ᠰᠣᠶᠣᠯ ᠤᠷᠠᠯᠢᠭ ᠢ ᠬᠠᠮᠠᠭᠠᠯᠠᠨ ᠤᠯᠠᠮᠵᠢᠯᠠᠬᠤ︾ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠵᠡᠷᠭᠡ ᠠᠭᠤᠯᠭ᠎ᠠ ᠪᠠᠷ ᠪᠦᠷᠢᠯᠳᠦᠵᠦ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠵᠡᠷᠭᠡ ᠡᠯ᠎ᠡ ᠬᠦᠷᠢᠶ᠎ᠡ ᠴᠠᠷᠠᠭᠠᠨ ᠤ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ | ᠬᠤᠷᠠᠨ ᠴᠤᠭᠯᠠᠷᠠᠭᠰᠠᠨ ᠪᠠᠶᠢᠨ᠎ᠠ᠃ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠨ | ᠡᠷᠳᠡᠮᠲᠡᠨ᠂ ᠠᠵᠢᠯ ᠡᠷᠬᠢᠯᠡᠭᠰᠡᠳ ᠲᠤ ᠰᠣᠯᠢᠯᠴᠠᠭᠠᠨ ᠤ ᠳᠠᠪᠴᠠᠩ ᠬᠠᠩᠭᠠᠵᠤ ᠦᠵᠡᠯᠲᠡ ᠲᠠᠨᠢᠯᠲᠠ ᠪᠠᠨ ᠰᠣᠯᠢᠯᠴᠠᠬᠤ᠂ ᠲᠤᠷᠰᠢᠯᠭ᠎ᠠ ᠪᠠᠨ ᠬᠤᠪᠢᠶᠠᠯᠴᠠᠵᠤ | ᠬᠠᠮᠲᠤᠷᠠᠯᠴᠠᠬᠤ ᠪᠠᠷ ᠳᠠᠮᠵᠢᠨ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠬᠦᠴᠦᠨ ᠢ ᠪᠦᠷᠢᠯᠳᠦᠭᠦᠯᠵᠦ᠂ ᠪᠣᠳᠠᠰ ᠤᠨ | ᠪᠤᠰᠤ ᠰᠣᠶᠣᠯ ᠤᠨ ᠥᠪ ᠤᠨ ᠤᠯᠠᠮᠵᠢᠯᠠᠯ ᠪᠠ ᠬᠥᠭᠵᠢᠯᠲᠡ ᠳᠤ ᠰᠢᠨ᠎ᠡ ᠠᠷᠭ᠎ᠠ ᠵᠠᠮ ᠬᠠᠩᠭᠠᠭᠰᠠᠨ ᠪᠠᠶᠢᠨ᠎ᠠ᠃ | | | | | | | | | | | | | | | | | | | | | | | | | | | | | | | | |