ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠣᠯᠠᠨ ᠤᠯᠤᠰ ᠤᠨ ᠦᠵᠦᠭᠦᠷᠯᠡᠬᠦ ᠬᠤᠭᠤᠴᠠᠭᠠᠲᠦ ᠰᠡᠳᠬᠦᠯ ᠤᠨ ᠦᠷ᠎ᠡ ᠪᠦᠲᠦᠭᠡᠯ ᠵᠠᠯᠭᠠᠭ᠎ᠠ ᠪᠠᠷ ᠰᠢᠪᠲᠤᠯᠤᠯᠲᠠ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/12/26
      ᠤᠯᠠᠨ ᠤᠯᠤᠰ ᠤᠨ ᠦᠵᠦᠭᠦᠷᠯᠡᠬᠦ ᠡᠷᠳᠡᠮ ᠰᠢᠨᠵᠢᠯᠡᠭᠡᠨ ᠤ ᠬᠤᠭᠤᠴᠠᠭᠠᠳᠤ ᠰᠡᠳᠬᠦᠯ ᠳᠤ ᠲᠡᠷᠢᠭᠦᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠬᠦ ᠪᠣᠯ ᠬᠤᠣᠰ ᠲᠡᠷᠢᠭᠦᠨ ᠤ ᠶᠡᠭᠡ ᠰᠤᠷᠭᠠᠭᠤᠯᠢ ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠭᠤᠷᠪᠠᠨ ᠭᠤᠣᠯ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠨᠢᠭᠡ ᠪᠣᠯᠤᠨ᠎ᠠ᠃ 2021 ᠣᠨ ᠳᠤ ᠠᠩᠬ᠎ᠠ ᠤᠳᠠᠭ᠎ᠠ ᠶᠡᠷᠦᠩᠬᠡᠶᠢᠯᠡᠭᠰᠡᠨ ᠴᠢᠨᠠᠷᠲᠠᠶ ᠣᠯᠠᠨ ᠤᠯᠤᠰ ᠤᠨ ᠦᠵᠦᠭᠦᠷᠯᠡᠬᠦ ᠡᠷᠳᠡᠮ ᠰᠢᠨᠵᠢᠯᠡᠭᠡᠨ ᠤ ᠬᠤᠭᠤᠴᠠᠭᠠᠳᠦ ᠰᠡᠳᠬᠦᠯ PNAS᠎ ᠲᠤ ᠰᠢᠪᠲᠤᠯᠤᠯᠲᠠ ᠭᠠᠷᠭᠠᠭᠰᠠᠨ ᠤ ᠳᠠᠷᠠᠭ᠎ᠠ᠂ ᠣᠶᠢᠷ᠎ᠠ ᠶᠢᠨ ᠭᠤᠷᠪᠠᠨ ᠵᠢᠯ ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠨᠢᠭᠡᠳᠦᠭᠡᠷ ᠨᠢᠭᠡᠴᠢ ᠶᠢᠨ ᠬᠤᠪᠢ ᠪᠠᠷ CNS ᠬᠤᠪᠢᠶᠠᠷᠢ ᠰᠡᠳᠬᠦᠯ᠂ PNAS ᠡᠨᠡ ᠬᠦ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠶᠡᠷᠦᠩᠬᠡᠶᠢᠯᠡᠭᠰᠡᠨ ᠴᠢᠨᠠᠷᠲᠠᠶ ᠦᠵᠦᠭᠦᠷᠯᠡᠬᠦ ᠡᠷᠳᠡᠮ ᠰᠢᠨᠵᠢᠯᠡᠭᠡᠨ ᠤ ᠬᠤᠭᠤᠴᠠᠭᠠᠲᠤ ᠰᠡᠳᠬᠦᠯ ᠳᠤ ᠨᠡᠶᠢᠲᠡ 13 ᠦᠭᠦᠯᠡᠯ ᠨᠡᠶᠢᠲᠡᠯᠡᠵᠦ᠂ ᠪᠥᠬᠦ ᠣᠷᠣᠨ ᠤ 76.47%᠎ ᠶᠢ ᠡᠵᠡᠯᠡᠪᠡ᠃ ᠪᠠᠶᠢᠭᠠᠯᠢ ᠶᠢᠨ ᠵᠢᠭᠠᠯᠲᠠ ᠲᠤᠭ᠎ᠠ ᠪᠠᠷ ᠳᠤᠮᠳᠠᠳᠤ ᠤᠯᠤᠰ ᠤᠨ ᠶᠡᠭᠡ ᠰᠤᠷᠭᠠᠭᠤᠯᠢ ᠶᠢᠨ ᠨᠡᠷᠡᠰ ᠤᠨ ᠵᠢᠭᠰᠠᠭᠠᠯᠲᠠ ᠳᠤ᠂ ᠥᠪᠥᠷ ᠮᠣᠩᠭᠤᠯ ᠤᠨ ᠶᠡᠭᠡ ᠰᠤᠷᠭᠠᠭᠤᠯᠢ 2023 ᠣᠨ ᠳᠤ 153᠎ ᠳᠤ ᠵᠢᠭᠰᠠᠭᠠᠭᠳᠠᠵᠤ ᠪᠠᠶᠢᠭᠰᠠᠨ ᠠᠴᠠ ᠪᠠᠨ ᠳᠠᠪᠰᠢᠭᠠᠳ 2024 ᠣᠨ ᠳᠤ 101᠎ ᠳᠤ ᠤᠷᠤᠵᠦ᠂ ᠤᠷᠤᠭᠰᠢ 52 ᠤᠷᠤᠨ ᠳᠠᠪᠰᠢᠵᠠᠢ᠃ ︵ᠥᠪᠥᠷ ᠮᠣᠩᠭᠤᠯ ᠤᠨ ᠶᠡᠭᠡ ᠰᠤᠷᠭᠠᠭᠤᠯᠢ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ