ᠨᠢᠭᠡ ᠳᠤ ᠣᠶᠤᠨᠴᠢ ᠪᠣᠳᠤᠯᠲᠠ ᠶᠢᠨ ᠬᠦᠴᠦᠨ ᠢ ᠬᠠᠮᠲᠤ ᠪᠠᠷ ᠬᠦᠷᠲᠡᠬᠦ ᠦᠢᠯᠡᠴᠢᠯᠡᠭᠡᠨ ᠤ ᠲᠠᠪᠴᠠᠩ ᠢ ᠬᠠᠮᠲᠤ ᠪᠠᠷ ᠪᠠᠶᠢᠭᠤᠯᠪᠠ᠃ ᠪᠡᠭᠡᠵᠢᠩ ᠤᠨ ᠵᠣᠬᠢᠶᠠᠮᠠᠯ | ᠣᠶᠤᠨᠴᠢ ᠣᠯᠠᠨ ᠨᠡᠶᠢᠲᠡ ᠶᠢᠨ ᠪᠣᠳᠤᠯᠲᠠ ᠶᠢᠨ ᠬᠦᠴᠦᠨ ᠤ ᠲᠠᠪᠴᠠᠩ ᠤᠨ ᠬᠥᠬᠡᠬᠤᠲᠠ ᠳᠠᠬᠢ ᠰᠠᠭᠤᠷᠢᠨ ᠭᠠᠵᠠᠷ ᠨᠢ ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ | ᠣᠷᠣᠨ ᠳᠤ ᠪᠣᠳᠣᠬᠤ ᠢᠨᠵᠧᠨᠧᠷᠢᠩ ᠤᠨ ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠬᠠᠮᠲᠤᠷᠠᠯᠴᠠᠭ᠎ᠠ ᠶᠢ ᠡᠬᠢᠯᠡᠭᠦᠯᠵᠦ᠂ ᠬᠤᠷᠢᠨᠭᠡᠷ ᠰᠢᠨ᠎ᠡ | ᠲᠣᠭᠤᠷᠢᠭ ᠤᠨ ᠣᠯᠠᠨ ᠡᠭᠦᠯᠡᠨ ᠪᠤᠳᠤᠯᠲᠠ ᠶᠢᠨ ᠬᠦᠴᠦᠨ ᠤ ᠡᠬᠢ ᠪᠠᠶᠠᠯᠢᠭ ᠢ ᠬᠢᠨᠠᠨ ᠬᠡᠮᠵᠢᠬᠦ ᠪᠠ ᠲᠣᠬᠢᠷᠠᠭᠤᠯᠬᠤ ᠲᠠᠪᠴᠠᠩ ᠨᠢᠭᠡᠨᠲᠡ ᠪᠦᠲᠦᠭᠡᠨ | ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ ᠵᠢᠯ ᠤᠨ ᠡᠴᠦᠰ ᠲᠤ ᠰᠦᠯᠵᠢᠶ᠎ᠡ ᠪᠠᠷ ᠠᠵᠢᠯᠯᠠᠵᠤ ᠡᠬᠢᠯᠡᠬᠦ ᠪᠣᠯᠤᠨ᠎ᠠ᠃ ᠬᠤᠶᠠᠷ ᠲᠤ | ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠣᠶᠤᠨᠴᠢ ᠪᠣᠳᠣᠯᠲᠠ ᠶᠢᠨ ᠠᠵᠤ ᠦᠢᠯᠡᠰ ᠤᠨ ᠬᠦᠷᠢᠶᠡᠯᠡᠩ ᠢ ᠬᠠᠮᠲᠤ ᠪᠠᠷ ᠪᠠᠶᠢᠭᠤᠯᠪᠠ᠃ | ᠪᠡᠭᠡᠵᠢᠩ ᠤᠨ ᠡᠨᠧᠷᠭᠢ ᠶᠢᠨ ᠤᠯᠠᠨ ᠤᠯᠤᠰ ᠤᠨ ᠬᠤᠪᠢ ᠡᠵᠡᠮᠳᠡᠭᠰᠡᠨ ᠺᠣᠮᠫᠠᠨᠢ ᠪᠠᠷᠤᠭ 200 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ | ᠲᠠᠢ᠂ ᠪᠣᠳᠤᠯᠲᠠ ᠶᠢᠨ ᠬᠦᠴᠦᠨ ᠤ ᠬᠡᠪᠴᠢᠶ᠎ᠡ ᠪᠠᠷ 9 ᠲᠦᠮᠡᠨ P ᠲᠤ ᠬᠦᠷᠬᠦ ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠣᠶᠤᠨᠴᠢ ᠪᠤᠳᠤᠬᠤ | ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ 2025 ᠣᠨ ᠤ ᠡᠴᠦᠰ ᠲᠤ ᠨᠢᠭᠡᠳᠦᠭᠡᠷ ᠬᠤᠭᠤᠴᠠᠭᠠᠨ ᠤ 1 ᠲᠦᠮᠡᠨ P ᠪᠣᠳᠤᠯᠲᠠ ᠶᠢᠨ ᠬᠦᠴᠦᠨ ᠢ | ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ︔ ᠪᠡᠭᠡᠵᠢᠩ ᠤᠨ ᠵᠢᠩ ᠨᠧᠩ ᠳ᠋ᠢᠭᠢᠲᠴᠢᠯᠡᠭᠰᠡᠨ ᠠᠵᠤ ᠦᠢᠯᠡᠰ ᠤᠨ ᠬᠢᠵᠠᠭᠠᠷᠲᠤ | ᠺᠣᠮᠫᠠᠨᠢ ᠪᠣᠯᠤᠨ ᠥᠪᠥᠷ ᠮᠣᠩᠭᠤᠯ ᠤᠨ ᠰᠢᠨ ᠳ᠋ᠦᠩ ᠵᠢᠢ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠷᠠᠨ ᠠᠵᠢᠯᠯᠠᠵᠤ᠂ 12 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠷᠢᠨᠭᠡᠷ ᠰᠢᠨ᠎ᠡ ᠲᠣᠭᠤᠷᠢᠭ ᠲᠤ ᠶᠢᠩ ᠸᠧᠢ ᠳ᠋ᠠ ᠪᠣᠳᠤᠯᠲᠠ ᠶᠢᠨ ᠬᠦᠴᠦᠨ ᠢ 1 ᠲᠦᠮᠡᠨ P ᠪᠠᠶᠢᠷᠢᠯᠠᠭᠤᠯᠬᠤ ᠪᠠᠷ | ᠲᠥᠯᠥᠪᠯᠡᠵᠦ ᠪᠤᠢ᠃ ᠭᠤᠷᠪᠠ ᠳᠤ ᠪᠣᠳᠤᠯᠲᠠ ᠶᠢᠨ ᠬᠦᠴᠦᠨ ᠤ ᠳᠣᠬᠢᠷᠠᠭᠤᠯᠭ᠎ᠠ ᠶᠢᠨ ᠪᠦᠲᠦᠭᠡᠨ ᠪᠠᠶᠢᠭᠤᠯᠤᠯᠲᠠ᠃ ᠬᠤᠷᠢᠨᠭᠡᠷ ᠰᠢᠨ᠎ᠡ ᠲᠣᠭᠤᠷᠢᠭ ᠤᠨ ᠣᠯᠠᠨ | ᠡᠭᠦᠯᠡᠨ ᠪᠤᠳᠤᠯᠲᠠ ᠶᠢᠨ ᠬᠦᠴᠦᠨ ᠤ ᠡᠬᠢ ᠪᠠᠶᠠᠯᠢᠭ ᠢ ᠬᠢᠨᠠᠨ ᠬᠡᠮᠵᠢᠬᠦ ᠪᠠ ᠲᠣᠬᠢᠷᠠᠭᠤᠯᠬᠤ ᠲᠠᠪᠴᠠᠩ ᠢᠶᠠᠷ ᠳᠠᠮᠵᠢᠭᠤᠯᠤᠨ᠂ ᠳᠤᠮᠳᠠᠳᠤ ᠤᠯᠤᠰ ᠤᠨ ᠰᠢᠯᠵᠢᠮᠡᠯ | ᠬᠤᠯᠪᠣᠭᠠᠨ ᠤ ᠬᠥᠬᠡᠬᠤᠲᠠ ᠶᠢᠨ ᠳ᠋ᠠᠶᠢᠲ᠋ᠠ ᠶᠢᠨ ᠲᠥᠪ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠭᠦᠯᠡᠨ ᠪᠤᠳᠤᠯᠲᠠ ᠶᠢᠨ ᠥᠪᠥᠷ ᠮᠣᠩᠭᠤᠯ ᠤᠨ ᠮᠡᠳᠡᠭᠡ | ᠵᠠᠩᠭᠢ ᠶᠢᠨ ᠡᠬᠢ ᠰᠤᠷᠪᠤᠯᠵᠢ ᠵᠡᠷᠭᠡ ᠪᠣᠳᠤᠯᠲᠠ ᠶᠢᠨ ᠬᠦᠴᠦᠨ ᠤ ᠡᠬᠢ ᠪᠠᠶᠠᠯᠢᠭ ᠢ ᠵᠠᠯᠭᠠᠨ ᠣᠷᠣᠭᠤᠯᠵᠤ᠂ ︽ᠪᠣᠳᠤᠯᠲᠠ ᠶᠢᠨ ᠬᠦᠴᠦᠨ ᠢ ᠪᠡᠭᠡᠵᠢᠩ ᠳᠤ | ᠣᠷᠣᠭᠤᠯᠬᠤ︾ ᠪᠣᠯᠣᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶ |