12 ᠳ᠋ᠤᠭᠠᠷ ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠠᠩ ᠾᠧ ᠫᠢᠩ ᠫᠷᠤᠹᠧᠰᠰᠤᠷ ᠤᠨ ᠪᠦᠯᠬᠦᠮ | ᠬᠢᠭᠡᠳ ᠥᠪᠥᠷ ᠮᠣᠩᠭᠤᠯ ᠤᠨ ᠺᠧ ᠲᠦᠸᠧ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ︽ᠮᠧᠩ ᠺᠧ ᠵᠢᠥᠢ︾ ᠲᠠᠪᠴᠠᠩ ᠢᠶᠠᠷ ᠳᠠᠮᠵᠢᠭᠤᠯᠤᠨ ︽ᠴᠢᠳᠠᠮᠵᠢᠲᠦ ᠰᠦᠨ | ᠬᠦᠴᠢᠯ ᠤᠨ ᠪᠠᠺᠲ᠋ᠧᠷᠢ ᠶᠢᠨ ᠮᠦᠭᠦ ᠶᠢᠨ ᠰᠠᠭᠤᠷᠢ ᠶᠢᠨ ᠥᠮᠴᠢᠯᠡᠬᠦ ᠡᠷᠬᠡ ᠵᠢᠴᠢ ᠮᠡᠳᠡᠯᠭᠡ ᠥᠮᠴᠢᠯᠡᠬᠦ ᠡᠷᠬᠡ ᠶᠢᠨ ᠤᠯᠠᠷᠢᠭᠤᠯᠬᠤ︾ ᠶᠢ ᠰᠢᠯᠵᠢᠭᠦᠯᠦᠨ ᠥᠭᠬᠦ ᠭᠡᠷ᠎ᠡ | ᠲᠣᠭᠲᠠᠵᠤ᠂ 5 ᠴᠢᠳᠠᠮᠵᠢᠲᠦ ᠰᠦᠨ ᠬᠦᠴᠢᠯ ᠤᠨ ᠪᠠᠺᠲ᠋ᠧᠷᠢ ᠵᠢᠴᠢ ᠲᠡᠭᠦᠨ ᠤ ᠲᠤᠰᠬᠠᠶ ᠠᠰᠢᠭ ᠤᠨ ᠡᠷᠬᠡ ᠪᠠᠨ ᠪᠦᠷᠢᠮᠦᠰᠦᠨ ᠰᠢᠯᠵᠢᠭᠦᠯᠦᠨ ᠦᠭᠭᠦᠭᠰᠡᠨ ᠢᠶᠠᠷ᠂ | ᠭᠡᠷ᠎ᠡ ᠶᠢᠨ ᠮᠥᠩᠭᠦ ᠨᠢ 2000 ᠲᠦᠮᠡᠨ ᠲᠥᠭᠦᠷᠢᠭ ᠲᠤ ᠬᠦᠷᠴᠦ᠂ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠤᠭᠰᠠᠨ ᠬᠠᠮᠤᠭ ᠤᠨ ᠶᠡᠭᠡ ᠦᠨ᠎ᠡ ᠦᠷᠳᠡᠭ ᠲᠠᠢ ᠭᠡᠷ᠎ᠡ ᠪᠣᠯᠪᠠ᠃ ᠴᠢᠳᠠᠮᠵᠢᠲᠦ ᠰᠦᠨ ᠬᠦᠴᠢᠯ ᠤᠨ | ᠪᠠᠺᠲ᠋ᠧᠷᠢ ᠶᠢ ᠰᠤᠳᠤᠯᠬᠤ ᠪᠠ ᠨᠡᠭᠡᠭᠡᠨ ᠬᠥᠭᠵᠢᠭᠦᠯᠬᠦ ᠪᠤᠯ ᠪᠦᠬᠦ ᠳᠡᠯᠡᠬᠡᠢ ᠶᠢᠨ ᠰᠢᠨᠵᠢᠯᠡᠬᠦ ᠤᠬᠠᠭᠠᠨ ᠤ ᠡᠳᠡᠭᠡᠳ ᠤᠨ ᠬᠢᠨ ᠪᠠ ᠠᠵᠤ ᠦᠢᠯᠡᠰ ᠤᠨ | ᠡᠲᠡᠭᠡᠳ ᠤᠨ ᠬᠢᠨ ᠤ ᠠᠩᠬᠠᠷᠴᠤ ᠪᠠᠶᠢᠭ᠎ᠠ ᠲᠥᠪᠯᠡᠷᠡᠯ ᠴᠡᠭ ᠮᠥᠨ᠃ ᠲᠣᠰ ᠤᠳᠠᠭ᠎ᠠ ᠵᠠᠩ ᠾᠧ ᠫᠢᠩ ᠫᠷᠤᠹᠧᠰᠰᠤᠷ ᠤᠨ ᠪᠦᠯᠬᠦᠮ ᠤᠨ ᠰᠢᠯᠵᠢᠭᠦᠯᠦᠨ ᠥᠭᠭᠦᠭᠰᠡᠨ | ᠠᠮᠢᠲᠠᠨ ᠤ ᠬᠤᠤᠰ ᠰᠠᠯᠠᠭᠠᠲᠦ ᠰᠠᠪᠬᠠᠨᠴᠢᠷ ᠪᠠᠺᠲ᠋ᠧᠷᠢ ᠶᠢᠨ ᠳᠡᠳ᠋ ᠲᠥᠷᠥᠯ Bbm — 19 ︵CGMCC No.25080︶ ᠵᠡᠷᠭᠡ 5 ᠴᠢᠳᠠᠮᠵᠢᠲᠦ ᠰᠦᠨ | ᠬᠦᠴᠢᠯ ᠤᠨ ᠪᠠᠺᠲ᠋ᠧᠷᠢ ᠪᠣᠯ ᠴᠥᠮ ᠴᠠᠭᠠᠨ ᠢᠳᠡᠭᠡᠨ ᠤ ᠠᠮᠢᠳᠤ ᠪᠣᠳᠠᠰ ᠤᠨ ᠮᠡᠷᠭᠡᠵᠢᠯ ᠪᠤᠯᠤᠨ ᠢᠨᠵᠧᠨᠧᠷᠢᠩ ᠤᠨ ᠭᠤᠣᠯᠳᠠᠯᠭ᠎ᠠ ᠪᠣᠯᠬᠤ ᠲᠤᠷᠰᠢᠯᠲᠠ ᠶᠢᠨ | ᠲᠠᠰᠤᠭ ᠤᠨ ᠬᠠᠮᠤᠭ ᠤᠨ ᠰᠢᠨ᠎ᠡ ᠰᠤᠳᠤᠯᠭᠠᠨ ᠤ ᠦᠷ᠎ᠡ ᠪᠦᠲᠦᠭᠡᠯ ᠪᠠᠶᠢᠵᠤ᠂ ᠢᠳᠡᠭᠡᠨ ᠳᠤ ᠪᠠ ᠠᠮᠢᠲᠠᠨ ᠢ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠠᠷᠢᠶᠠᠯᠠᠩ ᠤᠨ | ᠲᠠᠷᠢᠮᠠᠯ᠂ ᠡᠮᠴᠢᠯᠡᠭᠡ ᠡᠷᠡᠭᠦᠯ ᠮᠡᠨᠳᠦ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠬᠦ ᠪᠣᠯᠬᠤᠷ᠂ ᠥᠷᠭᠡᠨ ᠶᠡᠭᠡ ᠬᠥᠭᠵᠢᠯᠲᠡ ᠶᠢᠨ ᠢᠷᠡᠭᠡᠳᠦᠶ ᠲᠠᠢ ᠶᠤᠮ᠃ | ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |