12 ᠳ᠋ᠤᠭᠠᠷ ᠰᠠᠷ᠎ᠠ ᠶᠢᠨ 17 ᠤ ᠡᠳᠦᠷ ᠬᠥᠬᠡᠬᠤᠲᠠ ᠶᠢᠨ ᠨᠡᠶᠢᠯᠡᠮᠡᠯ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ | ᠦᠢᠯᠡᠰ ᠤᠨ ᠵᠣᠯᠭᠠᠭᠤᠯᠬᠤ ᠬᠤᠷᠠᠯ ᠢ ︽ᠮᠧᠩ ᠺᠧ ᠵᠢᠦᠢ︾ ᠲᠠᠪᠴᠠᠩ ᠤᠨ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠲᠤ ᠡᠷᠭᠢᠯᠡᠪᠡ᠃ ᠠᠬᠤᠢ ᠲᠠᠯᠠᠪᠤᠷ ᠲᠤ 44 | ᠵᠦᠢᠯ ᠤᠨ ᠦᠷ᠎ᠡ ᠪᠦᠲᠦᠭᠡᠯ ᠢ ᠲᠠᠨᠢᠯᠴᠠᠭᠤᠯᠵᠤ᠂ ᠭᠡᠷ᠎ᠡ ᠲᠣᠭᠲᠠᠭᠰᠠᠨ ᠬᠠᠮᠲᠤᠷᠠᠯᠴᠠᠭᠠᠨ ᠤ ᠲᠥᠷᠥᠯ ᠵᠦᠢᠯ 4 ᠪᠠᠶᠢᠵᠤ᠂ ᠭᠡᠷ᠎ᠡ ᠲᠣᠭᠲᠠᠭᠰᠠᠨ ᠵᠣᠭᠤᠰ ᠤᠨ ᠲᠤᠭ᠎ᠠ | 31 ᠳ᠋ᠦᠩᠰᠢᠭᠤᠷ ᠲᠥᠭᠦᠷᠢᠭ ᠲᠤ ᠬᠦᠷᠪᠡ᠂ ᠬᠤᠷᠠᠯ ᠳᠡᠭᠡᠷ᠎ᠡ ᠪᠠᠰᠠ ︽ᠠᠮᠢᠳᠤ ᠪᠣᠳᠠᠰ ᠤᠨ ᠣᠶᠤᠨᠴᠢ ᠦᠢᠯᠡᠳᠬᠡᠯ ᠤᠨ ᠵᠢᠯᠠᠭ᠎ᠠ︾ ᠶᠢᠨ ᠲᠥᠷᠥᠯ ᠵᠦᠢᠯ ᠤᠨ | ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ᠃ ᠲᠠᠷᠠᠭᠠᠴᠢ ᠶᠢᠨ ᠠᠯᠬᠤᠮ ᠳᠤ᠂ ᠬᠥᠬᠡᠬᠤᠲᠠ ᠶᠢᠨ ᠬᠢᠨ ᠨᠡᠶᠢᠯᠡᠮᠡᠯ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠶᠢᠯᠡᠮᠡᠯ ᠠᠮᠢᠳᠤ ᠪᠣᠳᠠᠰ ᠤᠨ ᠣᠶᠤᠨᠴᠢ ᠪᠣᠳᠣᠯᠲᠠ᠋ ᠶᠢᠨ | ᠲᠥᠪ ᠢ ᠪᠠᠶᠢᠷᠢᠰᠢᠭᠤᠯᠤᠨ ᠪᠠᠶᠢᠭᠤᠯᠤᠨ᠂ ︽1 + N︾ ᠨᠡᠶᠢᠯᠡᠮᠡᠯ ᠠᠮᠢᠳᠤ ᠪᠣᠳᠠᠰ ᠲᠠᠬᠢ ᠵᠠᠪᠰᠠᠷ ᠤᠨ ᠲᠤᠷᠰᠢᠯᠲᠠ ᠬᠢᠵᠦ ᠰᠢᠯᠭᠠᠨ ᠭᠡᠷᠡᠴᠢᠯᠡᠬᠦ ᠲᠠᠪᠴᠠᠩ ᠤᠨ | ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠪᠠ ᠲᠣᠭᠲᠠᠬᠤ ᠰᠢᠶᠠᠨ ᠢᠶᠠᠷ | ᠭᠤᠤᠯ ᠪᠣᠯᠭᠠᠭᠰᠠᠨ ︽ᠠᠮᠢᠳᠤ ᠪᠣᠳᠠᠰ ᠤᠨ ᠣᠶᠤᠨᠴᠢ ᠦᠢᠯᠡᠳᠬᠡᠯ ᠤᠨ ᠵᠢᠯᠠᠭ᠎ᠠ︾ ᠶᠢ ᠪᠥᠲᠥᠭᠡᠨ ᠪᠠᠶᠢᠭᠤᠯᠵᠤ᠂ ᠨᠠᠩ ᠣᠯᠠᠨ ᠨᠡᠶᠢᠯᠡᠮᠡᠯ ᠠᠮᠢᠳᠤ ᠪᠣᠳᠠᠰ ᠤᠨ ᠡᠬᠢ | ᠪᠠᠶᠠᠯᠢᠭ ᠢ ᠲᠥᠪᠯᠡᠷᠡᠭᠦᠯᠵᠦ᠂ ︽ᠨᠢᠭᠡ ᠮᠥᠬᠦᠯᠢᠭ ᠡᠷᠳᠡᠨᠢ ᠰᠢᠰᠢ ᠠᠴᠠ ᠨᠢᠭᠡ ᠮᠦᠬᠦᠯᠢᠭ ᠡᠮ ᠬᠦᠷᠲᠡᠯᠡᠬᠢ︾ ᠪᠥᠬᠦ ᠠᠵᠤ ᠦᠢᠯᠡᠰ ᠤᠨ ᠬᠡᠯᠬᠢᠶᠡᠨ ᠤ ᠳᠡᠭᠡᠳᠦ | ᠳᠣᠤᠷᠠᠳᠤ ᠬᠡᠯᠬᠢᠶ᠎ᠡ ᠪᠠᠷ ᠢᠶᠠᠨ ᠬᠠᠮᠵᠢᠯᠴᠠᠨ ᠰᠢᠨ᠎ᠡ ᠶᠢ ᠡᠭᠦᠳᠴᠦ ᠬᠥᠭᠵᠢᠬᠦ ᠶᠢ ᠪᠡᠶᠡᠯᠡᠭᠦᠯᠬᠦ ᠪᠣᠯᠣᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ᠂ ᠰᠢᠨ᠎ᠡ ᠬᠤᠲᠠ | ᠲᠣᠭᠤᠷᠢᠭ ᠤᠨ ᠵᠠᠰᠠᠭ ᠤᠨ ᠣᠷᠳᠣᠨ︶ |