12 ᠳ᠋ᠤᠭᠠᠷ ᠰᠠᠷ᠎ᠠ ᠶᠢᠨ 18 ᠤ ᠡᠳᠦᠷ᠂ ᠵᠡᠭᠦᠨᠭᠠᠷ ᠬᠤᠰᠢᠭᠤ ︽ᠵᠠᠰᠠᠭ ᠤᠨ ᠣᠷᠳᠤᠨ ᠠᠵᠤ ᠠᠬᠤᠶᠢᠯᠠᠯ ᠮᠦᠷᠦ ᠵᠡᠷᠭᠡᠴᠡᠨ ᠬᠡᠯᠪᠡᠷᠢ ᠪᠠᠨ ᠬᠤᠪᠢᠷᠠᠭᠤᠯᠤᠨ | ᠬᠥᠭᠵᠢᠬᠦ ᠶᠢ ᠬᠠᠮᠲᠤ ᠪᠠᠷ ᠠᠬᠢᠭᠤᠯᠤᠨᠠᠮ︾ ᠭᠡᠬᠦ ᠭᠤᠤᠯ ᠰᠡᠳᠦᠪᠲᠦ ᠬᠤᠷᠠᠯ ᠢ ᠡᠷᠭᠢᠯᠡᠵᠦ᠂ ᠠᠵᠤ ᠠᠬᠤᠶᠢᠯᠠᠯ ᠳᠤ ᠦᠢᠯᠡᠴᠢᠯᠡᠬᠦ ᠬᠠᠮᠢᠶᠠᠷᠤᠭᠴᠢ ᠶᠢᠨ ᠲᠠᠪᠴᠠᠩ ᠢ | ᠠᠵᠢᠯᠯᠠᠭᠤᠯᠵᠤ᠂ ᠠᠵᠤ ᠠᠬᠤᠶᠢᠯᠠᠯ ᠳᠤ ᠪᠥᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠭᠴᠢ ᠮᠠᠶ᠋ᠢᠭ ᠤᠨ ᠦᠢᠯᠡᠴᠢᠯᠡᠭᠡ᠂ ᠪᠥᠬᠦ ᠴᠤᠪᠤᠷᠠᠯ ᠳᠤ ᠨᠢ ᠰᠦᠯᠵᠢᠶ᠎ᠡ ᠪᠠᠷ | ᠮᠥᠷᠳᠡᠨ ᠦᠷ᠎ᠡ ᠪᠦᠲᠦᠮᠵᠢ ᠶᠢ ᠨᠢ ᠯᠠᠪᠯᠠᠬᠤ ᠦᠢᠯᠡᠴᠢᠯᠡᠭᠡ ᠶᠢ ᠬᠠᠩᠭᠠᠬᠤ ᠪᠣᠯᠣᠨ᠎ᠠ︔ 632.54 ᠳ᠋ᠦᠩᠰᠢᠭᠤᠷ ᠲᠥᠭᠦᠷᠢᠭ ᠤᠨ ᠨᠡᠭᠦᠷᠡᠰᠦᠨ ᠤ ᠠᠵᠢᠯ | ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠪᠠᠯᠠ ᠣᠷᠣᠭᠤᠯᠤᠯᠲᠠ ᠶᠢᠨ ᠪᠠᠯᠠ ᠮᠥᠩᠭᠦᠨ ᠤ ᠲᠠᠲᠠᠭᠠᠯ ᠢ ᠠᠵᠢᠯᠯᠠᠭᠤᠯᠵᠤ ᠡᠬᠢᠯᠡᠭᠦᠯᠦᠭᠡᠳ᠂ | ᠨᠡᠭᠦᠷᠡᠰᠦᠨ ᠤ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠪᠠᠯᠠ ᠮᠥᠩᠭᠦ ᠶᠢᠨ ᠳᠡᠮᠵᠢᠯᠭᠡ ᠬᠠᠩᠭᠠᠪᠠ︔ 5 ᠠᠺᠠᠳᠧᠮᠢᠴᠢ ᠶᠢ ᠴᠢᠨᠠᠷ ᠰᠠᠶᠢᠲᠠᠢ | ᠬᠥᠭᠵᠢᠯᠲᠡ ᠶᠢᠨ ᠣᠶᠤᠨ ᠤ ᠬᠥᠮᠥᠷᠭᠡ ᠶᠢᠨ ᠲᠡᠷᠢᠭᠦᠨ ᠲᠤᠰᠬᠠᠶ ᠮᠡᠷᠭᠡᠵᠢᠯᠲᠡᠨ ᠢᠶᠠᠷ᠂ 7 ᠨᠡᠷᠡᠲᠦ ᠠᠵᠤ ᠠᠬᠤᠶᠢᠯᠠᠯᠲᠠᠨ ᠢ ᠣᠶᠤᠨ ᠤ ᠬᠥᠮᠥᠷᠭᠡ ᠶᠢᠨ ᠲᠡᠷᠢᠭᠦᠨ | ᠵᠦᠪᠯᠡᠭᠴᠢ ᠪᠠᠷ᠂ 20 ᠠᠵᠤ ᠠᠬᠤᠶᠢᠯᠠᠯᠲᠠᠨ ᠢ ᠣᠶᠣᠨ ᠤ ᠬᠦᠮᠦᠷᠭᠡ ᠶᠢᠨ ᠲᠦᠷᠦᠭᠦᠤ ᠪᠦᠯᠦᠭ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠠᠭᠠᠭᠤᠯᠤᠭᠴᠢ | ᠴᠢᠳᠠᠪᠤᠷᠢᠲᠠᠨ ᠢᠶᠠᠷ᠂ 120 ᠳᠡᠭᠡᠳᠦ ᠲᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢᠲᠠᠨ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ | ᠣᠶᠤᠨ ᠤ ᠬᠥᠮᠥᠷᠭᠡ ᠶᠢᠨ ᠲᠦᠷᠦᠭᠦᠤ ᠪᠦᠯᠦᠭ ᠲᠤᠰᠬᠠᠶ ᠮᠡᠷᠭᠡᠵᠢᠯᠲᠡᠨ ᠢᠶᠠᠷ ᠣᠨᠴᠠ ᠤᠷᠢᠪᠠ᠃ ︵ᠣᠷᠳᠣᠰ ᠬᠤᠲᠠ ᠶᠢᠨ ᠵᠠᠰᠠᠭ ᠤᠨ ᠣᠷᠳᠣᠨ᠂ ᠵᠡᠭᠦᠨᠭᠠᠷ | ᠬᠤᠰᠢᠭᠤᠨ ᠤ ᠵᠠᠰᠠᠭ ᠤᠨ ᠣᠷᠳᠣᠨ︶ |