ᠡᠨᠡ ᠵᠢᠯ ᠠᠴᠠ ᠨᠠᠭᠠᠰᠢ᠂ ᠮᠠᠨ ᠤ ᠣᠷᠣᠨ ᠪᠥᠬᠦ ᠤᠯᠤᠰ ᠤᠨ ᠷᠠᠳᠢᠣ᠋ ᠲᠧᠯᠸᠢᠰ ᠤᠨ ᠰᠢᠨ᠎ᠡ ᠵᠠᠭᠤᠴᠢᠯᠠᠭᠤᠷ ᠤᠨ ᠬᠤᠯᠪᠣᠭ᠎ᠠ ᠳᠤ ᠨᠡᠶᠢᠲᠡ 28 ᠬᠤᠪᠢ | ᠦᠵᠡᠵᠦ ᠰᠣᠨᠣᠰᠬᠤ ᠪᠦᠲᠦᠭᠡᠯ ᠢ ᠳᠡᠪᠰᠢᠭᠦᠯᠦᠨ ᠨᠡᠶᠢᠲᠡᠯᠡᠭᠦᠯᠵᠦ᠂ ᠪᠥᠬᠦ ᠰᠦᠯᠵᠢᠶ᠎ᠡ ᠪᠠᠷ ᠳᠡᠪᠰᠢᠭᠦᠯᠦᠭᠰᠡᠨ ᠬᠡᠮᠵᠢᠶ᠎ᠡ ᠨᠢ 3.17 ᠲᠥᠮᠡᠨ ᠵᠣᠷᠪᠣᠰ ᠲᠤ ᠬᠦᠷᠴᠦ᠂ | ᠬᠠᠶᠢᠯᠲᠠ ᠶᠢᠨ ᠬᠡᠮᠵᠢᠶ᠎ᠡ ᠨᠢ 6.51 ᠳ᠋ᠦᠩᠰᠢᠭᠤᠷ ᠤᠳᠠᠭ᠎ᠠ ᠳᠤ ᠬᠦᠷᠪᠡ᠂ ︽ᠤᠮᠠᠷᠠᠲᠤ ᠬᠢᠯᠢ ᠶᠢᠨ ᠬᠠᠩᠭᠢᠨᠠᠮ᠎ᠠ ᠳᠠᠭᠤᠤ︾ ︽ᠪᠠᠷᠠᠭᠤᠨᠰᠢ ᠪᠣᠭᠤᠮᠲᠠ ᠪᠠᠷ ᠭᠠᠷᠤᠭᠰᠠᠨ | ᠪᠠ ᠬᠥᠬᠡᠬᠤᠲᠠ︾ ᠵᠡᠷᠭᠡ ᠪᠦᠲᠦᠭᠡᠯ ᠢ ᠷᠠᠳᠢᠣ᠋ ᠲᠧᠯᠸᠢᠰ ᠤᠨ ᠶᠡᠷᠦᠩᠬᠡᠶ ᠲᠣᠪᠴᠢᠶᠠᠨ ᠤ ︽ᠳᠤᠮᠳᠠᠳᠤ ᠤᠯᠤᠰ ᠢ ᠦᠵᠡᠵᠦ ᠰᠣᠨᠣᠰᠬᠤ︾ ᠲᠠᠪᠴᠠᠩ ᠳᠤ ᠨᠡᠶᠢᠲᠡ 30 | ᠭᠠᠷᠤᠶ ᠳ᠋ᠦᠩᠰᠢᠭᠤᠷ ᠤᠳᠠᠭ᠎ᠠ ᠨᠡᠪᠲᠡᠷᠡᠭᠦᠯᠪᠡ᠃ ᠮᠠᠨ ᠤ ᠣᠷᠣᠨ ᠤ ᠨᠡᠪᠴᠢᠭᠦᠯᠦᠨ ᠵᠣᠬᠢᠶᠠᠨ ᠪᠦᠲᠦᠭᠡᠭᠰᠡᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡᠨ ᠤ | ᠪᠦᠲᠦᠭᠡᠯ ᠪᠣᠯᠬᠤ ︽ᠤᠯᠤᠰ ᠭᠦᠷᠦᠨ ᠠᠮᠤᠷ ᠲᠠᠶᠢᠪᠤᠩ ᠪᠣᠯ ᠬᠦᠮᠦᠨ ᠠᠷᠠᠳ ᠠᠮᠤᠷ ᠠᠮᠤᠭᠤᠯᠠᠩ︾ ᠭᠡᠬᠦ ᠪᠦᠲᠦᠭᠡᠯ ᠨᠢ 31 ᠳ᠋ᠦ᠋ᠭᠡᠷ ᠬᠤᠭᠤᠴᠠᠭᠠᠨ ᠤ ᠳᠤᠮᠳᠠᠳᠤ | ᠤᠯᠤᠰ ᠤᠨ ᠣᠯᠠᠨ ᠤᠯᠤᠰ ᠤᠨ ᠵᠠᠷ ᠮᠡᠳᠡᠭᠡᠨ ᠤ ᠨᠠᠶᠢᠷ ᠲᠤ ᠬᠠᠲᠤᠨ ᠭᠤᠤᠯ ᠱᠠᠩᠨᠠᠯ ᠢ ᠭᠥᠷᠳᠡᠪᠡ︔ ︽ᠠᠪᠤ ᠡᠵᠢ ᠶᠢᠨ ᠨᠤᠲᠤᠭ ᠤᠰᠤᠨ︾ ᠭᠡᠬᠦ ᠲᠧᠯᠸᠢᠰ | ᠵᠦᠴᠦᠭᠡ ᠨᠢ 34 ᠳ᠋ᠣᠭᠡᠷ ᠬᠤᠭᠤᠴᠠᠭᠠᠨ ᠤ ᠳᠤᠮᠳᠠᠳᠤ ᠤᠯᠤᠰ ᠤᠨ ᠲᠧᠯᠸᠢᠰ ᠵᠦᠴᠦᠭᠡ ᠶᠢᠨ ︽ᠹᠸᠢ ᠲᠢᠶᠠᠨ ᠱᠠᠩᠨᠠᠯ︾ ᠤᠨ ᠰᠢᠯᠢᠳᠡᠭ ᠲᠧᠯᠸᠢᠰ ᠵᠦᠴᠦᠭᠡ ᠪᠠᠷ | ᠨᠡᠷ᠎ᠡ ᠳᠤᠷᠠᠳᠤᠭᠳᠠᠵᠤ᠂ ︽ᠣᠷᠳᠣ ᠴᠠᠭᠠᠨ ᠬᠡᠷᠡᠮ︾ ︵ᠨᠢᠭᠡᠳᠦᠭᠡᠷ ᠤᠯᠠᠷᠢᠯ︶ 28 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠲᠧᠯᠸᠢᠰ ᠤᠳᠬ᠎ᠠ ᠤᠷᠠᠯᠢᠭ ᠤᠨ | ︽ᠰᠢᠩ ᠭᠤᠸᠠᠩ ᠱᠠᠩᠨᠠᠯ︾ ᠤᠨ ᠨᠡᠷ᠎ᠡ ᠳᠤᠷᠠᠳᠤᠭᠳᠠᠭᠰᠠᠨ ᠪᠦᠲᠦᠭᠡᠯ ᠤᠨ ᠢᠷᠠᠭᠤ ᠠᠯᠳᠠᠷ ᠢ ᠭᠥᠷᠳᠡᠪᠡ᠃ ︵ᠷᠠᠳᠢᠣ᠋ ᠲᠧᠯᠸᠢᠰ ᠤᠨ ᠲᠣᠪᠴᠢᠶ᠎ᠠ︶ |