ᠨᠢᠭᠡ ᠳᠤ ᠵᠠᠮ ᠬᠠᠷᠢᠯᠴᠠᠭᠠᠨ ᠤ ᠲᠠᠯ᠎ᠠ ᠪᠠᠷ ᠲᠣᠪᠤᠶᠢᠮ᠎ᠠ ᠢᠯᠡᠷᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠡᠭᠴᠡᠯᠡᠨ ᠵᠠᠰᠠᠬᠤ ᠠᠵᠢᠯ ᠢ | ᠦᠷᠨᠢᠭᠦᠯᠪᠡ᠂ ᠡᠪᠦᠯ ᠤᠨ ᠤᠯᠠᠷᠢᠯ ᠤᠨ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠪᠥᠬᠦ ᠣᠷᠣᠨ ᠳᠤ ᠡᠯ᠎ᠡ ᠲᠥᠷᠥᠯ ᠤᠨ ᠵᠠᠮ | ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶᠢᠲᠡ 97.66 ᠲᠦᠮᠡᠨ ᠤᠳᠠᠭ᠎ᠠ ᠪᠠᠶᠢᠴᠠᠭᠠᠨ ᠰᠢᠢᠳᠪᠦᠷᠢᠯᠡᠪᠡ᠂ ᠡᠭᠦᠨ ᠳᠤ ᠪᠠᠷᠠᠭᠠᠨ ᠤ | ᠮᠠᠰᠢᠨ ᠲᠡᠷᠭᠡ ᠶᠢᠨ ᠬᠡᠮᠵᠢᠶ᠎ᠡ ᠪᠠ ᠳᠠᠭᠠᠭᠠᠴᠠ ᠠᠴᠠ ᠪᠠᠨ ᠬᠡᠲᠦᠷᠡᠭᠦᠯᠦᠨ ᠠᠴᠢᠶᠠᠯᠠᠭᠰᠠᠨ᠂ ᠶᠠᠳᠠᠷᠠᠯ ᠴᠢᠯᠡᠭᠡ ᠪᠠᠨ ᠬᠠᠶᠢᠬᠤᠷᠤᠯ ᠦᠭᠡᠢ ᠪᠠᠷ ᠮᠠᠰᠢᠨ ᠲᠡᠷᠭᠡ | ᠵᠢᠯᠤᠭᠤᠳᠤᠭᠰᠠᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠶᠢ 9815 ᠪᠠᠶᠢᠴᠠᠭᠠᠨ ᠰᠢᠢᠳᠪᠦᠷᠢᠯᠡᠪᠡ᠃ | ᠬᠤᠶᠠᠷ ᠲᠤ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠠᠮᠤᠷ ᠲᠦᠪᠰᠢᠨ ᠤ ᠲᠠᠯ᠎ᠠ ᠪᠠᠷ ᠬᠢ ᠲᠤᠰᠬᠠᠶ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠪᠡ᠂ ᠡᠨᠡ | ᠵᠢᠯ ᠠᠴᠠ ᠨᠠᠭᠠᠰᠢ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠰᠢᠲᠠᠮᠠᠬᠠᠶ ᠬᠡᠶ ᠳᠤ ᠬᠤᠯᠪᠣᠭᠳᠠᠭᠰᠠᠨ ᠡᠷᠡᠭᠦᠦ ᠶᠢᠨ ᠬᠡᠷᠡᠭ ᠢ 13 | ᠢᠯᠡᠷᠡᠭᠦᠯᠵᠦ᠂ ᠶᠠᠯ᠎ᠠ ᠬᠢᠭᠰᠡᠨ ᠰᠡᠵᠢᠭᠳᠡᠨ ᠢ 17 ᠪᠠᠷᠢᠪᠴᠢᠯᠠᠵᠤ᠂ ᠨᠢᠭᠤᠨ ᠳᠠᠯᠳᠠᠯᠠᠳᠠᠭ ᠡᠭᠦᠷ ᠢ ᠨᠢ 7 ᠪᠠᠶᠢᠴᠠᠭᠠᠨ ᠢᠯᠡᠷᠡᠭᠦᠯᠵᠦ ᠰᠢᠢᠳᠪᠦᠷᠢᠯᠡᠪᠡ᠂ ᠪᠠᠰᠠ | ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠰᠠᠯᠠᠭ᠎ᠠ ᠮᠥᠴᠢᠷ ᠢ ᠬᠠᠮᠵᠢᠨ ᠡᠩ ᠤᠨ ᠠᠰᠠᠭᠤᠳᠠᠯ ᠤᠨ ᠳᠠᠯᠳᠠ ᠬᠡᠮ ᠣᠷᠣᠰᠢᠵᠤ ᠪᠠᠶᠢᠭᠰᠠᠨ ᠭᠠᠵᠠᠷ ᠢ 4370 | ᠢᠯᠡᠷᠡᠭᠦᠯᠵᠦ᠂ ᠨᠢᠭᠡᠨᠲᠡ ᠪᠦᠬᠦᠨ ᠢ ᠴᠡᠭᠴᠡᠯᠡᠨ ᠵᠠᠰᠠᠪᠠ᠃ ᠭᠤᠷᠪᠠ ᠳᠤ ᠠᠶᠤᠯ ᠥᠬᠡᠶ ᠦᠢᠯᠡᠳᠪᠦᠷᠢᠯᠡᠯ ᠤᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠪᠠ᠂ ᠣᠲᠣ ᠪᠣᠯᠲᠠᠯ᠎ᠠ᠂ ᠪᠥᠬᠦ ᠣᠷᠣᠨ ᠳᠤ ᠠᠶᠤᠯ ᠥᠬᠡᠶ ᠦᠢᠯᠡᠳᠪᠦᠷᠢᠯᠡᠯ ᠤᠨ ᠬᠦᠷᠢᠶᠡᠨ ᠳᠠᠬᠢ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠡᠶᠢᠲᠡ 314 ᠲᠠᠩᠨᠠᠨ ᠰᠢᠢᠳᠪᠦᠷᠢᠯᠡᠪᠡ᠃ ︵ᠳᠣᠲᠣᠭᠠᠳᠤ ᠶᠢ ᠬᠠᠮᠠᠭᠠᠯᠠᠬᠤ ᠲᠢᠩᠬᠢᠮ︶ |