ᠣᠶᠢᠷ᠎ᠠ ᠳᠤ᠂ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠦᠷᠦᠯ ᠵᠦᠢᠯ ᠤᠨ ᠨᠢᠭᠡ ᠪᠣᠯᠬᠤ ︽ᠶᠡᠭᠡ ᠬᠡᠪᠴᠢᠶ᠎ᠡ ᠪᠠᠷ ᠳᠠᠬᠢᠨ | ᠡᠭᠦᠰᠴᠦ ᠪᠣᠯᠬᠤ ᠡᠨᠧᠷᠭᠢ ᠶᠢᠨ ᠰᠠᠭᠤᠷᠢᠨ ᠭᠠᠵᠠᠷ ᠤᠨ ᠣᠨᠴᠠ ᠥᠨᠳᠥᠷ ᠬᠦᠴᠦᠳᠡᠯᠲᠦ ᠣᠯᠠᠨ ᠦᠵᠦᠭᠦᠷᠲᠦ ᠲᠣᠭᠲᠠᠮᠠᠯ ᠬᠦᠶᠦᠲᠠᠯᠲᠦ ᠴᠠᠬᠢᠯᠭᠠᠨ ᠬᠦᠷᠭᠡᠯᠲᠡ ᠶᠢ | ᠭᠠᠳᠠᠭᠰᠢ ᠬᠦᠷᠭᠡᠬᠦ ᠵᠠᠩᠭᠢᠯᠠᠭ᠎ᠠ ᠶᠢᠨ ᠮᠡᠷᠭᠡᠵᠢᠯ︾ ᠤᠨ ᠲᠥᠷᠥᠯ ᠵᠦᠢᠯ ᠤᠨ ᠱᠠᠲᠤ ᠦᠶ᠎ᠡ ᠶᠢᠨ ᠰᠤᠳᠤᠯᠭᠠᠨ ᠤ ᠡᠭᠦᠷᠭᠡ ᠪᠠᠨ ᠤᠷᠤᠭᠰᠢᠲᠠᠶ ᠪᠡᠶᠡᠯᠡᠭᠦᠯᠵᠦ᠂ ᠬᠢᠨᠠᠨ | ᠰᠢᠯᠭᠠᠯᠲᠠ ᠶᠢ ᠤᠷᠤᠭᠰᠢᠲᠠᠶ ᠦᠩᠭᠡᠷᠡᠭᠦᠯᠪᠡ᠃ ᠲᠣᠰ ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ᠪᠦᠰᠡᠯᠡᠯᠲᠡ ᠰᠢᠪᠲᠤᠯᠬᠤ︾ ᠢᠨᠵᠧᠨᠧᠷᠢᠩ ᠤᠨ ᠡᠨᠧᠷᠭᠢ ᠨᠦᠬᠡᠴᠡᠯᠡᠬᠦ ᠪᠠ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠴᠡᠭ ᠪᠠᠶᠢᠷᠢ ᠶᠢᠨ | ᠭᠤᠤᠯᠳᠠᠯᠭ᠎ᠠ ᠲᠠᠢ ᠲᠤᠰᠬᠠᠶ ᠵᠦᠢᠯ ᠪᠣᠯᠤᠨ᠎ᠠ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠢᠶᠠᠷ ᠲᠦᠷᠦᠭᠦᠯᠡᠭᠦᠯᠦᠨ᠂ ᠬᠤᠸᠠᠢ ᠷᠧᠦ ᠲᠤᠷᠰᠢᠯᠲᠠ ᠶᠢᠨ | ᠲᠠᠰᠤᠭ᠂ ᠬᠤᠸᠠᠪᠸᠢ ᠶᠢᠨ ᠴᠠᠬᠢᠯᠭᠠᠨ ᠬᠦᠴᠦᠨ ᠤ ᠶᠡᠭᠡ ᠰᠤᠷᠭᠠᠭᠤᠯᠢ ᠵᠡᠷᠭᠡ ᠤᠯᠤᠰ ᠤᠨ ᠳᠣᠲᠣᠭᠠᠳᠤ ᠶᠢᠨ ᠳᠠᠪᠠᠭᠤᠯᠢᠭ ᠬᠦᠴᠦᠨ ᠪᠦᠬᠦᠢ 14 ᠶᠡᠭᠡ ᠳᠡᠭᠡᠳᠦ | ᠰᠤᠷᠭᠠᠭᠤᠯᠢ᠂ ᠬᠦᠷᠢᠶᠡᠯᠡᠩ ᠭᠠᠵᠠᠷ᠂ ᠠᠵᠤ ᠠᠬᠤᠶᠢᠯᠠᠯ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠬᠦᠴᠦᠨ ᠲᠠᠢ ᠬᠠᠮᠲᠤᠷᠠᠨ ᠬᠡᠷᠡᠭᠵᠢᠭᠦᠯᠦᠨ᠎ᠡ᠃ | ᠲᠤᠰᠬᠠᠶ ᠮᠡᠷᠭᠡᠵᠢᠯᠲᠡᠨ ᠤ ᠰᠤᠳᠤᠯᠤᠨ ᠮᠠᠭᠠᠳᠯᠠᠯᠲᠠ ᠪᠠᠷ ᠳᠡᠮᠵᠢᠨ᠂ ᠮᠡᠷᠭᠡᠵᠢᠯ ᠤᠨ ᠰᠤᠳᠤᠯᠤᠨ ᠨᠡᠭᠡᠭᠡᠬᠦ ᠪᠦᠯᠬᠦᠮ ᠶᠡᠭᠡ ᠬᠡᠪᠴᠢᠶᠡᠨ ᠤ ᠥᠷᠭᠡᠨ ᠬᠡᠪᠴᠢᠶᠡᠨ ᠤ | ᠣᠯᠠᠨ ᠲᠥᠷᠥᠯ ᠬᠡᠯᠪᠡᠷᠢ ᠶᠢᠨ ᠳᠠᠬᠢᠨ ᠡᠭᠦᠰᠴᠦ ᠪᠣᠯᠬᠤ ᠡᠨᠧᠷᠭᠢ ᠶᠢᠨ ᠰᠠᠭᠤᠷᠢᠨ ᠭᠠᠵᠠᠷ ᠢ ᠭᠠᠳᠠᠭᠰᠢ ᠬᠦᠷᠭᠡᠬᠦ ᠬᠡᠷᠡᠭᠴᠡᠭᠡ ᠳᠤ ᠴᠢᠭᠯᠡᠭᠦᠯᠦᠨ᠂ ᠣᠨᠴᠠ ᠥᠨᠳᠥᠷ | ᠬᠦᠴᠦᠳᠡᠯᠲᠦ ᠣᠯᠠᠨ ᠦᠵᠦᠭᠦᠷᠲᠦ ᠲᠣᠭᠲᠠᠮᠠᠯ ᠭᠦᠶᠦᠳᠡᠯᠲᠦ ᠰᠢᠰᠲ᠋ᠧᠮ ᠤᠨ ᠲᠣᠫᠤᠯᠤᠬᠢ ᠶᠢᠨ ᠪᠠᠶᠢᠭᠤᠯᠤᠯᠲᠠ ᠶᠢᠨ ᠣᠨᠣᠯ ᠤᠨ ᠲᠣᠭᠲᠠᠯᠴᠠᠭ᠎ᠠ ᠶᠢ ᠭᠦᠨᠵᠡᠭᠡᠶ | ᠰᠤᠳᠤᠯᠵᠤ᠂ ᠭᠤᠣᠯ ᠤᠳᠠᠰᠦ ᠵᠠᠯᠭᠠᠬᠤ ᠱᠤᠭᠤᠮ ᠤᠨ ᠵᠢᠷᠤᠭ ᠲᠥᠯᠥᠪᠯᠡᠭᠡ᠂ ᠭᠤᠤᠯ ᠪᠣᠴᠠᠯᠲᠠ ᠶᠢᠨ ᠬᠡᠯᠬᠢᠶᠡᠨ ᠤ ᠫᠠᠷᠠᠮᠧᠲᠷ ᠵᠢᠴᠢ ᠡᠵᠡᠮᠳᠡᠬᠦ ᠠᠷᠭ᠎ᠠ ᠪᠣᠳᠣᠯᠭ᠎ᠠ ᠶᠢ | ᠰᠢᠯᠢᠳᠡᠭᠵᠢᠭᠦᠯᠬᠦ ᠵᠡᠷᠭᠡ ᠭᠤᠤᠯ ᠮᠡᠷᠭᠡᠵᠢᠯ ᠢ ᠬᠠᠮᠤᠷᠤᠭᠰᠠᠨ ᠲᠤᠭᠲᠠᠮᠠᠯ ᠬᠦᠶᠦᠳᠡᠯᠲᠦ ᠲᠣᠫᠤᠯᠤᠬᠢ ᠶᠢᠨ ᠲᠦᠰᠦᠯ ᠢ ᠡᠮᠬᠢᠯᠡᠨ ᠨᠡᠶᠢᠯᠡᠭᠦᠯᠵᠦ ᠪᠦᠷᠢᠯᠳᠦᠭᠦᠯᠦᠨ᠎ᠡ᠃ | ᠡᠭᠦᠨ ᠤ ᠬᠠᠮᠲᠤ᠂ ᠲᠣᠰ ᠪᠦᠯᠬᠦᠮ ᠤᠨ ᠬᠢᠨ ᠪᠠᠰᠠ ᠲᠣᠭᠲᠠᠮᠠᠯ ᠭᠦᠶᠦᠳᠡᠯᠲᠦ ᠴᠠᠬᠢᠯᠭᠠᠨ ᠬᠦᠷᠭᠡᠬᠦ ᠱᠤᠭᠤᠮ ᠤᠨ ᠵᠢᠯ ᠳᠤ ᠠᠰᠢᠭᠯᠠᠬᠤ ᠶᠢᠨ ᠴᠠᠭ ᠤᠨ ᠬᠡᠮᠵᠢᠶ᠎ᠡ ᠶᠢ | 4500 ᠴᠠᠭ ᠠᠴᠠ ᠳᠤᠲᠠᠭᠤ ᠦᠭᠡᠢ ᠠᠰᠢᠭᠯᠠᠬᠤ ᠪᠠᠷ ᠬᠢᠵᠠᠭᠠᠷᠯᠠᠯ ᠪᠣᠯᠭᠠᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠥᠪᠡᠷᠮᠢᠴᠡ ᠴᠢᠨᠠᠷ ᠢ ᠭᠦᠢᠴᠡᠳ | ᠪᠣᠳᠣᠯᠬᠢᠯᠠᠭᠰᠠᠨ ᠰᠠᠭᠤᠷᠢᠨ ᠳᠡᠭᠡᠷ᠎ᠡ ᠣᠯᠠᠨ ᠲᠥᠷᠥᠯ ᠤᠨ ᠴᠠᠬᠢᠯᠭᠠᠨ ᠡᠭᠦᠰᠭᠡᠭᠴᠢ ᠶᠢᠨ ᠪᠠᠭᠲᠠᠭᠠᠮᠵᠢ ᠶᠢ ᠰᠢᠯᠢᠳᠡᠭᠵᠢᠭᠦᠯᠦᠨ ᠲᠣᠬᠢᠷᠠᠭᠤᠯᠬᠤ ᠲᠥᠰᠦᠯ ᠢ | ᠪᠦᠲᠦᠭᠡᠯᠴᠢ ᠪᠠᠷ ᠳᠤᠷᠠᠳᠤᠨ ᠭᠠᠷᠭᠠᠵᠤ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠠᠮᠤᠷ ᠲᠦᠪᠰᠢᠨ | ᠨᠠᠶᠢᠳᠠᠪᠤᠷᠢᠲᠠᠶ ᠬᠡᠳᠦ ᠬᠤᠯᠠ ᠵᠠᠢ ᠠᠴᠠ ᠬᠦᠷᠭᠡᠬᠦ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ᠃ ︵ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ︶ |