ᠨᠢᠭᠡ ᠳᠤ᠂ ᠬᠢᠯᠢ ᠬᠢᠵᠠᠭᠠᠷ ᠤᠨ ᠠᠮᠤᠷ ᠲᠦᠪᠰᠢᠨ ᠲᠣᠭᠲᠠᠭᠤᠨ ᠪᠠᠶᠢᠳᠠᠯ ᠢ ᠬᠠᠮᠠᠭᠠᠯᠠᠪᠠ᠃ ᠬᠢᠯᠢ ᠬᠢᠵᠠᠭᠠᠷ ᠣᠷᠣᠨ ᠳᠤ ᠬᠤᠯᠪᠣᠭᠳᠠᠬᠤ ᠠᠮᠤᠷ ᠲᠦᠪᠰᠢᠨ ᠤ | ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠡᠨᠡ ᠵᠢᠯ ᠠᠴᠠ ᠨᠠᠭᠠᠰᠢ ᠬᠢᠯᠢ ᠬᠢᠵᠠᠭᠠᠷ ᠣᠷᠣᠨ ᠢ ᠴᠠᠭᠳᠠᠨ ᠪᠠᠶᠢᠴᠠᠭᠠᠬᠤ ᠴᠠᠭᠳᠠᠭᠠᠨ ᠤ ᠬᠦᠴᠦᠨ ᠢ ᠨᠡᠶᠢᠲᠡ | 8332 ᠬᠥᠮᠦᠨ ᠤᠳᠠᠭ᠎ᠠ ᠬᠥᠳᠡᠯᠭᠡᠵᠦ᠂ 1821 ᠤᠳᠠᠭ᠎ᠠ ᠲᠤᠬᠠᠢ ᠶᠢᠨ ᠭᠠᠵᠠᠷ ᠲᠤ ᠨᠢ ᠬᠦᠷᠴᠦ ᠪᠠᠶᠢᠴᠠᠭᠠᠨ᠂ ᠬᠢᠯᠢ ᠬᠢᠵᠠᠭᠠᠷ ᠣᠷᠣᠨ ᠳᠤ ᠬᠦᠷᠴᠦ ᠦᠯᠦ | ᠪᠣᠯᠬᠤ ᠬᠤᠷᠢᠭ᠎ᠠ ᠲᠠᠢ ᠪᠠᠶᠢᠬᠤ ᠪᠠᠷ 85 ᠲᠡᠷᠭᠡ ᠬᠥᠰᠬᠡ᠂ 220 ᠬᠥᠮᠦᠨ ᠢ ᠴᠡᠪᠡᠷᠯᠡᠨ ᠪᠤᠴᠠᠭᠠᠵᠤ᠂ ᠬᠠᠤᠯᠢ ᠪᠤᠰᠤ ᠪᠠᠷ ᠬᠢᠯᠢ ᠠᠴᠠ ᠭᠠᠷᠬᠤ ᠪᠠᠷ ᠣᠷᠣᠯᠳᠤᠭᠰᠠᠨ | 5 ᠬᠥᠮᠦᠨ ᠢ ᠬᠠᠰᠢᠨ ᠬᠤᠷᠢᠭᠯᠠᠵᠤ᠂ ᠬᠢᠯᠢ ᠬᠢᠵᠠᠭᠠᠷ ᠢ ᠬᠤᠯᠠᠭᠤᠨ ᠳᠠᠪᠠᠭ᠋ᠤ ᠪᠠᠷ ᠣᠷᠣᠯᠳᠤᠵᠤ ᠪᠠᠶᠢᠭᠰᠠᠨ 2 ᠬᠥᠮᠦᠨ ᠳᠤ ᠴᠣᠬᠢᠯᠲᠠ ᠥᠭᠪᠡ᠃ ᠬᠤᠶᠠᠷ ᠲᠤ᠂ | ᠭᠠᠳᠠᠭᠠᠳᠤ ᠳᠤ ᠬᠤᠯᠪᠣᠭᠳᠠᠬᠤ ᠬᠠᠤᠯᠢ ᠪᠠᠷ ᠵᠠᠰᠠᠬᠤ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠪᠡ᠃ ︽ᠨᠢᠭᠡ ᠪᠦᠰᠡ ᠨᠢᠭᠡ ᠵᠠᠮ︾ ᠪᠠ | ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠶᠢᠭᠤᠯᠤᠯᠲᠠ ᠶᠢᠨ ᠲᠣᠭᠤᠷᠢᠨ ᠳᠤ᠂ ᠬᠠᠤᠯᠢ | ᠴᠠᠭᠠᠵᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠬᠦ ᠬᠦᠴᠦᠨ ᠢᠶᠠᠷ ᠪᠠᠶᠢᠭᠤᠯᠵᠤ᠂ ᠭᠠᠳᠠᠭᠠᠳᠤ ᠳᠤ ᠬᠤᠯᠪᠣᠭᠳᠠᠬᠤ 35 ᠵᠥᠷᠢᠴᠡᠯ ᠵᠢᠭᠤᠷᠠᠯᠳᠤᠭᠠᠨ ᠢ | ᠠᠮᠵᠢᠯᠲᠠ ᠲᠠᠢ ᠪᠠᠷ ᠡᠶᠡᠳᠡᠭᠦᠯᠪᠡ᠃ ᠭᠤᠷᠪᠠ ᠳᠤ᠂ ᠬᠢᠯᠢ ᠶᠢᠨ ᠴᠠᠭᠳᠠᠭᠠᠨ ᠤ ᠶᠠᠪᠤᠳᠠᠯ ᠤᠨ ᠠᠵᠢᠯ ᠤᠨ ᠰᠠᠭᠤᠷᠢ ᠶᠢ ᠪᠠᠬᠢᠵᠢᠭᠦᠯᠪᠡ᠃ ᠴᠠᠭᠳᠠᠭᠠᠨ ᠤ ᠬᠦᠴᠦᠨ ᠢ | ᠲᠣᠬᠢᠷᠠᠭᠤᠯᠤᠨ ᠨᠡᠶᠢᠲᠡ 17103 ᠡᠷᠦᠬᠡ ᠳᠤ ᠰᠤᠷᠪᠤᠯᠵᠢᠯᠠᠨ ᠬᠦᠷᠴᠦ᠂ ᠨᠡᠭᠦᠳᠡᠯ ᠬᠥᠮᠦᠨ ᠠᠮᠠ ᠶᠢ ᠨᠡᠶᠢᠲᠡ 29782 ᠬᠥᠮᠦᠨ ᠤᠳᠠᠭ᠎ᠠ ᠵᠢᠭᠰᠠᠭᠠᠨ | ᠪᠠᠶᠢᠴᠠᠭᠠᠵᠤ᠂ 1609 ᠮᠠᠯᠴᠢᠨ ᠡᠷᠦᠬᠡ ᠶᠢᠨ 3716 ᠬᠥᠮᠦᠨ ᠤᠳᠠᠭ᠎ᠠ ᠶᠢ ᠰᠤᠷᠪᠤᠯᠵᠢᠯᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ | ᠰᠠᠨᠠᠭᠠᠴᠢᠯᠠᠭ᠎ᠠ ᠠᠴᠠ ᠪᠠᠨ 194 ᠤᠳᠠᠭ᠎ᠠ ᠡᠶᠡᠳᠡᠭᠦᠯᠦᠨ ᠵᠣᠭᠰᠣᠭᠠᠪᠠ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ᠂ ᠡᠷᠢᠶᠡᠨ ᠬᠤᠲᠠ ᠶᠢᠨ ᠵᠠᠰᠠᠭ ᠤᠨ ᠣᠷᠳᠣᠨ︶ | |