12 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠳ᠋ᠠᠶᠢᠲ᠋ᠠ ᠶᠢᠨ ᠡᠯᠧᠮᠧᠨ᠋ᠲ ᠤᠨ ᠠᠵᠤ ᠦᠢᠯᠡᠰ ᠤᠨ ᠬᠦᠷᠢᠶᠡᠯᠡᠩ ︵ᠪᠥᠬᠦ ᠣᠷᠣᠨ ᠤ | ᠠᠩᠬᠠᠳᠠᠭᠴᠢ︶ ᠵᠢᠴᠢ ᠥᠪᠥᠷ ᠮᠣᠩᠭᠤᠯ ᠤᠨ ᠳ᠋ᠠᠶᠢᠲ᠋ᠠ ᠶᠢᠨ ᠡᠯᠧᠮᠧᠨ᠋ᠲ ᠤᠨ ᠦᠢᠯᠡᠴᠢᠯᠡᠭᠡᠨ ᠤ ᠲᠥᠪ ᠤᠨ ᠫᠠᠶᠢᠰᠠ ᠰᠡᠬᠦᠬᠦ ᠶᠣᠰᠣᠯᠠᠯ ᠬᠢᠭᠡᠳ ᠲᠤᠰ | ᠬᠦᠷᠢᠶᠡᠯᠡᠩ ᠳᠤ ᠣᠷᠣᠵᠤ ᠰᠠᠭᠤᠬᠤ ᠠᠵᠤ ᠠᠬᠤᠶᠢᠯᠠᠯ ᠤᠨ ᠵᠦᠪᠯᠡᠯᠴᠡᠭᠡᠷ ᠲᠣᠬᠢᠷᠠᠯᠴᠠᠬᠤ ᠶᠣᠰᠣᠯᠠᠯ ᠶᠠᠪᠤᠭᠳᠠᠪᠠ᠃ ᠬᠦᠷᠢᠶᠡᠯᠡᠩ ᠲᠣᠭᠤᠷᠢᠭ ᠤᠨ ᠶᠡᠷᠦᠩᠬᠡᠶ ᠬᠢᠨᠠᠨ | ᠲᠣᠭᠲᠠᠭᠠᠭᠰᠠᠨ ᠲᠠᠯᠠᠪᠠᠶ ᠨᠢ 19.757 ᠲᠡᠭᠰᠢ ᠳᠥᠷᠪᠡᠯᠵᠢᠨ ᠺᠢᠯᠤᠮᠧᠲᠷ ᠪᠠᠶᠢᠵᠤ᠂ ᠣᠲᠣ ᠪᠣᠯᠲᠠᠯ᠎ᠠ ᠨᠡᠶᠢᠲᠡ 150 ᠭᠠᠷᠤᠶ ᠳ᠋ᠠᠶᠢᠲ᠋ᠠ ᠶᠢᠨ ᠡᠯᠧᠮᠧᠨ᠋ᠲ ᠤᠨ | ᠬᠠᠮᠢᠶ᠎ᠠ ᠪᠥᠬᠦᠶ ᠠᠵᠤ ᠠᠬᠤᠶᠢᠯᠠᠯ ᠢ ᠨᠡᠪᠲᠡᠷᠡᠯᠴᠡᠭᠦᠯᠦᠨ ᠵᠣᠯᠭᠠᠭᠤᠯᠵᠤ᠂ ᠨᠢᠭᠡᠨᠲᠡ 50 ᠭᠠᠷᠤᠶ ᠠᠵᠤ ᠠᠬᠤᠶᠢᠯᠠᠯ ᠣᠷᠣᠵᠤ ᠰᠠᠭᠤᠭᠰᠠᠨ ᠪᠥᠭᠡᠳ ᠠᠵᠤ | ᠦᠢᠯᠡᠰ ᠲᠤ ᠬᠤᠯᠪᠣᠭᠳᠠᠬᠤ ᠦᠢᠯᠡᠳᠬᠦᠨ ᠤ ᠥᠷᠲᠡᠭ ᠨᠢ ᠪᠠᠷᠤᠭ 30 ᠳ᠋ᠦᠩᠰᠢᠭᠤᠷ ᠲᠥᠭᠦᠷᠢᠭ ᠲᠤ ᠬᠦᠷᠴᠡᠶ᠃ ᠵᠦᠪᠯᠡᠯᠴᠡᠭᠡᠷ ᠲᠣᠬᠢᠷᠠᠯᠴᠠᠬᠤ ᠶᠣᠰᠣᠯᠠᠯ ᠤᠨ | ᠠᠬᠤᠢ ᠲᠠᠯᠠᠪᠠᠢ ᠳᠤ᠂ ᠥᠪᠥᠷ ᠮᠣᠩᠭᠤᠯ ᠤᠨ ᠳ᠋ᠠᠶᠢᠲ᠋ᠠ ᠶᠢᠨ ᠡᠯᠧᠮᠧᠨ᠋ᠲ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠨᠢ ᠱᠧᠨᠵᠧᠨ ᠳᠠᠬᠢ ᠳ᠋ᠠᠶᠢᠲ᠋ᠠ ᠶᠢ | ᠠᠷᠠᠯᠵᠢᠶᠠᠯᠠᠬᠤ ᠭᠠᠵᠠᠷ ᠵᠡᠷᠭᠡ 8 ᠠᠵᠤ ᠠᠬᠤᠶᠢᠯᠠᠯ ᠯᠤᠭ᠎ᠠ ᠵᠦᠪᠯᠡᠯᠴᠡᠭᠡᠷ ᠲᠣᠬᠢᠷᠠᠯᠴᠠᠵᠤ᠂ ᠲᠤᠬᠠᠶᠢᠯᠠᠭᠰᠠᠨ ᠠᠵᠢᠯ ᠨᠢ ᠳ᠋ᠠᠶᠢᠲ᠋ᠠ ᠶᠢᠨ ᠪᠡᠯᠡ ᠣᠷᠣᠭᠤᠯᠤᠯᠲᠠ᠂ | ᠳ᠋ᠠᠶᠢᠲ᠋ᠠ ᠶᠢ ᠠᠷᠠᠯᠵᠢᠶᠠᠯᠠᠬᠤ᠂ ᠳ᠋ᠠᠶᠢᠲ᠋ᠠ ᠶᠢᠨ ᠭᠡᠷᠡᠴᠢᠯᠡᠯ ᠵᠢᠴᠢ ᠮᠡᠳᠡᠯᠭᠡ ᠶᠢᠨ ᠦᠮᠴᠢᠯᠡᠯ ᠤᠨ ᠡᠷᠬᠡ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷᠠᠭ᠎ᠠ ᠶᠢ ᠬᠠᠮᠤᠷᠪᠠ᠃ | ︵ᠬᠥᠬᠡᠬᠤᠲᠠ ᠶᠢᠨ ᠵᠠᠰᠠᠭ ᠤᠨ ᠣᠷᠳᠣᠨ︶ |