1—11ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 14.7% ᠪᠠᠷ ᠨᠡᠮᠡᠭᠳᠡᠵᠦ᠂ 11 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 7.2 ᠥᠨᠳᠥᠷ ᠪᠠᠶᠢᠵᠤ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 24% ᠳᠤ ᠬᠥᠷᠪᠡ᠃ | ᠳᠡᠭᠡᠳᠦ ᠰᠢᠨ᠎ᠡ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 238.8% ᠪᠠᠷ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠠᠭᠤᠨ ᠤ ᠬᠤᠪᠢ ᠶᠢᠨ ᠬᠠᠷᠢᠴᠠᠯ ᠢᠶᠠᠷ 1.9 ᠳᠠᠶᠢᠴᠢᠯᠠᠪᠠ︔ ᠬᠡᠪᠴᠢᠶᠡᠵᠢᠯ ᠠᠴᠠ | ᠳᠡᠭᠡᠭᠰᠢᠬᠢ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 128.1% ᠪᠠᠷ ᠨᠡᠮᠡᠭᠳᠡᠨ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 26.2% ᠲᠤ ᠬᠥᠷᠪᠡ᠃ ᠡᠭᠦᠨ ᠳᠤ᠂ | ᠺᠣᠮᠫᠢᠦ᠋ᠲ᠋ᠧᠷ᠂ ᠴᠢᠮᠡᠭᠡ ᠨᠡᠪᠲᠡᠷᠡᠭᠦᠯᠭᠡ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ᠂ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠢᠯᠡᠳᠬᠦ | ᠦᠢᠯᠡᠰ ᠤᠨ ᠨᠡᠮᠡᠭᠳᠡᠯ ᠥᠷᠲᠡᠭ ᠨᠢ ᠬᠤᠶᠠᠷ ᠣᠷᠣᠨᠲᠤ ᠲᠤᠭ᠎ᠠ ᠠᠴᠠ ᠳᠡᠭᠡᠭᠰᠢᠬᠢ ᠨᠡᠮᠡᠭᠳᠡᠯ ᠢ ᠪᠡᠶᠡᠯᠡᠭᠦᠯᠵᠦ᠂ ᠲᠣᠰ ᠲᠣᠰ 249%᠂ 44.6% ᠪᠠᠷ ᠨᠡᠮᠡᠭᠳᠡᠨ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠠᠭᠤᠨ ᠤ ᠬᠤᠪᠢ ᠶᠢᠨ ᠬᠠᠷᠢᠴᠠᠯ ᠢᠶᠠᠷ 2.1 ᠳᠠᠶᠢᠴᠢᠯᠠᠪᠠ᠃ | |