︽ᠳᠤᠯᠠᠭᠠᠨ ᠬᠤᠲᠠ ᠶᠢᠨ ᠳᠠᠩᠰᠤᠭ ᠦᠨᠦᠷ ᠠᠮᠲᠠ︾ ᠳᠦᠷᠤᠯ ᠲᠡᠮᠳᠡᠭᠲᠦ ᠶᠢᠨ ᠵᠣᠴᠢᠳ ᠤᠨ ᠲᠢᠩᠬᠢᠮ ᠤᠨ ᠬᠢᠨ ᠵᠡᠭᠦᠨᠭᠠᠷ ᠬᠤᠰᠢᠭᠤᠨ ᠤ ᠯᠢᠦᠢ ᠫᠢᠩ ᠯᠢᠨ ᠬᠦᠸᠧ ᠠᠵᠤ ᠦᠢᠯᠡᠰ ᠤᠨ ᠲᠤᠰᠬᠠᠢ ᠬᠤᠷᠰᠢᠶᠠᠵᠢᠯ ᠳᠤ ᠬᠦᠷᠴᠦ ᠢᠷᠡᠯ᠎ᠡ
ᠨᠡᠶᠢᠲᠡᠯᠡᠭᠰᠡᠨ ᠴᠠᠭ᠄
2024/12/27
     ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠬᠤ ᠶᠢᠨ ᠲᠤᠰᠠᠳᠠ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ᠂ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠨᠠᠷᠢᠨ ᠨᠢᠮᠪᠠᠢ ᠤᠬᠠᠭᠠᠯᠠᠨ ᠲᠥᠯᠥᠪᠯᠡᠵᠦ ᠠᠵᠢᠯᠯᠠᠭᠤᠯᠤᠭᠠᠳ᠂ ᠣᠶᠢᠷ᠎ᠠ ᠶᠢᠨ ᠬᠤᠭᠤᠴᠠᠭᠠᠨ ᠳᠤ ︽︿ᠳᠤᠯᠠᠭᠠᠨ ᠬᠤᠲᠠ ᠶᠢᠨ ᠳᠠᠩᠰᠤᠭ ᠦᠨᠦᠷ ᠠᠮᠲᠠ﹀ ᠳᠦᠷᠤᠯ ᠲᠡᠮᠳᠡᠭᠲᠦ ᠶᠢᠨ ᠵᠣᠴᠢᠳ ᠤᠨ ᠲᠢᠩᠬᠢᠮ︾ ᠭᠡᠬᠦ ᠰᠢᠨ᠎ᠡ ᠶᠢ ᠡᠭᠦᠳᠬᠦ ᠬᠡᠯᠪᠡᠷᠢ ᠶᠢᠨ ᠰᠢᠨ᠎ᠡ ᠵᠠᠭᠤᠴᠢᠯᠠᠭᠤᠷ ᠤᠨ ᠰᠣᠷᠪᠤᠯᠵᠢᠯᠠᠭ᠎ᠠ ᠶᠢᠨ ᠪᠤᠯᠤᠩ ᠢ ᠭᠠᠷᠭᠠᠭᠰᠠᠨ ᠪᠠᠶᠢᠨ᠎ᠠ᠃ ᠲᠣᠰ ᠪᠤᠯᠤᠩ  ᠨᠢ ︽ᠴᠢᠨᠠᠷ ᠰᠠᠶᠢᠲᠠᠢ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠭᠦᠨᠵᠡᠭᠡᠢ ᠠᠭᠤᠳᠠᠯᠤᠨ᠂ ᠣᠷᠣᠨ ᠪᠦᠰᠡ ᠶᠢᠨ ᠲᠥᠷᠥᠯ ᠲᠡᠮᠳᠡᠭᠲᠦ ᠶᠢᠨ ᠬᠡᠷᠡᠯ ᠰᠠᠴᠤᠷᠠᠩᠭᠤᠢ ᠠᠮᠵᠢᠯᠲᠠ ᠶᠢ ᠣᠯᠵᠤ᠂ ᠠᠵᠤ ᠦᠢᠯᠡᠰ ᠤᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠬᠤ︾ ᠪᠠᠷ ᠭᠤᠣᠯ ᠡᠭᠦᠷᠭᠡ ᠪᠠᠨ ᠪᠣᠯᠭᠠᠵᠤ᠂ ᠭᠦᠨᠵᠡᠭᠡᠢ ᠠᠭᠤᠳᠠᠯᠬᠤ ᠪᠠ ᠥᠷᠭᠡᠨ ᠢᠶᠠᠷ ᠤᠯᠠᠮᠵᠢᠯᠠᠬᠤ ᠪᠠᠷ ᠳᠠᠮᠵᠢᠭᠤᠯᠤᠨ᠂ ᠦᠢᠯᠡᠳᠪᠦᠷᠢ ᠶᠢᠨ ᠲᠠᠰᠤᠭ ᠲᠤ ᠬᠦᠷᠴᠦ᠂ ᠣᠷᠳᠣᠰ ᠤᠨ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠲᠡᠮᠳᠡᠭᠲᠦ ᠶᠢᠨ ᠥᠪᠡᠷᠮᠢᠴᠡ ᠥᠯᠢᠭᠡᠷ ᠢ ᠲᠣᠭᠠᠴᠢᠨ᠂ ᠲᠥᠷᠥᠯ ᠲᠡᠮᠳᠡᠭᠲᠦ ᠶᠢᠨ ᠴᠢᠩᠭ᠎ᠠ ᠲᠠᠭᠤᠨ ᠢ ᠳᠠᠮᠵᠢᠭᠤᠯᠵᠤ᠂ ᠬᠡᠷᠡᠯ ᠰᠠᠴᠤᠷᠠᠩᠭᠤᠢ ᠳᠦᠷᠢ ᠲᠥᠷᠬᠦ ᠶᠢ ᠢᠯᠡᠷᠡᠭᠦᠯᠬᠦ ᠪᠠᠷ ᠵᠣᠷᠢᠯᠭ᠎ᠠ ᠪᠠᠨ ᠪᠣᠯᠭᠠᠭᠰᠠᠨ ᠪᠠᠶᠢᠨ᠎ᠠ᠃          ᠪᠢᠳᠡ ︽ᠳᠤᠯᠠᠭᠠᠨ ᠬᠤᠲᠠ ᠶᠢᠨ ᠳᠠᠩᠰᠤᠭ ᠦᠨᠦᠷ ᠠᠮᠲᠠ︾  ᠶᠢᠨ ᠡᠷᠬᠡ ᠣᠯᠭᠤᠭᠰᠠᠨ ᠦᠢᠯᠡᠳᠬᠦᠨ ᠤ ᠠᠵᠤ ᠠᠬᠤᠶᠢᠯᠠᠯ —— ᠵᠡᠭᠦᠨᠭᠠᠷ ᠬᠤᠰᠢᠭᠤᠨ ᠤ ᠯᠢᠦᠢ ᠫᠢᠩ ᠯᠢᠨ ᠬᠦᠸᠧ ᠠᠵᠤ ᠦᠢᠯᠡᠰ ᠤᠨ ᠲᠤᠰᠬᠠᠢ ᠬᠤᠷᠰᠢᠶᠠᠵᠢᠯ ᠲᠠᠢ ᠲᠠᠨᠢᠯᠴᠠᠵᠠᠭᠠᠶ᠎ᠠ᠃ ᠡᠨᠡᠬᠦ ᠡᠯᠪᠡᠭ ᠬᠤᠷᠢᠶᠠᠯᠲᠠ ᠶᠢᠨ ᠤᠯᠠᠷᠢᠯ ᠳᠤ᠂ ︽ᠳᠤᠯᠠᠭᠠᠨ ᠬᠤᠳᠠ ᠶᠢᠨ ᠳᠠᠩᠰᠤᠭ ᠦᠨᠦᠷ ᠠᠮᠲᠠ︾ ᠳᠦᠷᠤᠯ ᠲᠡᠮᠳᠡᠭᠲᠦ ᠵᠣᠴᠢᠳ ᠤᠨ ᠲᠢᠩᠬᠢᠮ ᠤᠨ  ᠬᠢᠨ ᠳᠠᠬᠢᠨᠲᠠ ᠮᠣᠷᠳᠠᠵᠤ᠂ ᠰᠠᠶᠢᠨ ᠰᠠᠶᠢᠬᠠᠨ ᠬᠡᠷᠡᠭ ᠪᠣᠳᠠᠰ ᠤᠨ ᠲᠤᠬᠠᠢ ᠬᠦᠰᠡᠯ ᠡᠷᠡᠮᠡᠯᠵᠡᠯ ᠪᠣᠯᠣᠨ ᠰᠦᠪᠡᠭᠴᠢᠯᠡᠯ ᠢ ᠡᠪᠦᠷᠯᠡᠨ᠂ ᠣᠷᠳᠣᠰ ᠬᠤᠳᠠ ᠶᠢᠨ ᠵᠡᠭᠦᠨᠭᠠᠷ ᠬᠤᠰᠢᠭᠤᠨ ᠤ ᠬᠠᠷᠵᠠᠳᠠᠢ ᠰᠢᠶᠠᠩ ᠤᠨ ᠳ᠋ᠧ ᠱᠧᠩ ᠶᠢᠤ ᠯᠢᠶᠠᠩ ᠲᠣᠰᠬᠤᠨ ᠳᠤ ᠬᠦᠷᠴᠦ ᠢᠷᠡᠯ᠎ᠠ᠃ ᠠᠳᠡ ᠬᠥᠬᠡᠮᠳᠦᠭ ᠨᠣᠭᠤᠭᠠᠨ ᠠᠭᠤᠯᠠ ᠤᠰᠤ ᠪᠠᠶᠢᠬᠤ  ᠪᠠᠷ ᠦᠯᠤ ᠪᠠᠷᠠᠨ᠂ ᠨᠡᠩ ᠴᠤ ᠬᠦᠰᠡᠯ ᠡᠷᠡᠮᠡᠯᠵᠡᠯ ᠪᠣᠯᠣᠨ ᠠᠭᠤᠯᠠᠷᠬᠠᠭ ᠭᠠᠵᠠᠷ ᠤᠨ ᠠᠮᠲᠠᠲᠤ ᠰᠠᠶᠢᠬᠠᠨ‌ᠠᠯᠮᠤᠷᠠᠳ ᠤᠨ ᠬᠦᠷᠢᠶᠡᠯᠡᠩ ᠢ ᠪᠣᠶᠢᠵᠢᠭᠤᠯᠤᠨ ᠭᠠᠷᠭᠠᠭᠰᠠᠨ ᠪᠠᠶᠢᠨ᠎ᠠ᠃ ᠭᠢᠯᠲᠦᠭᠡᠨᠡᠮ᠎ᠡ ᠰᠠᠶᠢᠬᠠᠨ᠂ ᠣᠪ ᠤᠯᠠᠭᠠᠨ ᠠᠯᠮᠤᠷᠠᠳ ᠪᠣᠯ ᠬᠠᠷᠵᠠᠳᠠᠢ ᠰᠢᠶᠠᠩ ᠨᠤᠲᠤᠭ ᠤᠨ ᠠᠷᠠᠳ ᠲᠦᠮᠡᠨ ᠤ ᠬᠡᠬᠦᠳᠡᠭ ᠳᠦᠭᠦᠷᠡᠩ ᠬᠠᠯᠠᠭᠤᠨ ᠰᠡᠳᠬᠢᠯ ᠪᠠ ᠬᠠᠷᠠᠮ ᠦᠭᠡᠢ ᠵᠣᠷᠢᠭ ᠢᠶᠠᠷ ᠨᠠᠷᠢᠨ ᠨᠢᠮᠪᠠᠢ ᠪᠣᠶᠢᠵᠢᠭᠤᠯᠤᠨ ᠭᠠᠷᠭᠠᠭᠰᠠᠨ ᠦᠨᠡᠲᠦ ᠡᠷᠳᠡᠨᠢ ᠪᠣᠯᠣᠨ᠎ᠠ᠃ ᠲᠡᠳᠡᠭᠡᠷ ᠨᠢ ᠨᠤᠸᠠᠨ ᠱᠦᠢ ᠶᠢᠨ ᠠᠷᠠᠳ ᠲᠦᠮᠡᠨ ᠤ 27 ᠵᠢᠯ ᠤᠨ ᠴᠥᠬᠦᠷᠡᠰᠢ ᠦᠭᠡᠢ ᠴᠢᠷᠮᠠᠶᠢᠯᠭ᠎ᠠ᠂ 9800 ᠭᠠᠷᠤᠢ ᠡᠳᠦᠷ ᠰᠥᠨᠢ ᠶᠢᠨ ᠰᠠᠬᠢᠨ ᠬᠦᠯᠢᠶᠡᠯᠲᠡ ᠵᠢᠴᠢ ᠨᠡᠶᠢᠳᠡ 235200 ᠴᠠᠭ ᠤᠨ ᠨᠠᠷᠢᠨ ᠨᠢᠮᠪᠠᠢ ᠬᠠᠮᠠᠭᠠᠯᠠᠯᠲᠠ ᠶᠢ ᠭᠡᠷᠡᠴᠢᠯᠡᠨ᠎ᠡ᠃ ᠡᠨᠡ ᠨᠢ ᠵᠢᠮᠢᠰ ᠤᠨ ᠬᠤᠷᠢᠶᠠᠯᠲᠠ ᠪᠣᠯᠬᠤ ᠪᠠᠷ ᠦᠯᠤ ᠪᠠᠷᠠᠨ᠂ ᠨᠠᠩ ᠴᠤ ᠬᠦᠴᠦ ᠬᠥᠯᠥᠰᠦ ᠪᠣᠯᠣᠨ ᠬᠦᠰᠡᠯ ᠵᠡᠭᠦᠳᠦ ᠰᠦᠯᠵᠢᠯᠳᠦᠭᠰᠡᠨ ᠠᠮᠲᠠᠲᠤ ᠰᠠᠶᠢᠬᠠᠨ ᠦᠷ᠎ᠡ ᠵᠢᠮᠢᠰ ᠪᠣᠯᠬᠤ ᠶᠤᠮ᠃      ︽ᠳᠤᠯᠠᠭᠠᠨ ᠬᠤᠳᠠ ᠶᠢᠨ ᠳᠠᠩᠰᠤᠭ ᠦᠨᠦᠷ ᠠᠮᠲᠠ︾ ᠳᠦᠷᠤᠯ ᠲᠡᠮᠳᠡᠭᠲᠦ ᠵᠣᠴᠢᠳ ᠤᠨ ᠲᠢᠩᠬᠢᠮ ᠤᠨ ᠬᠢᠨ ᠵᠡᠭᠦᠨᠭᠠᠷ ᠬᠤᠰᠢᠭᠤᠨ ᠤ ᠯᠢᠦᠢ ᠫᠢᠩ ᠯᠢᠨ ᠬᠦᠸᠧ ᠠᠵᠤ ᠦᠢᠯᠡᠰ ᠤᠨ ᠲᠤᠰᠬᠠᠢ ᠬᠤᠷᠰᠢᠶᠠᠵᠢᠯ ᠳᠤ ᠬᠦᠷᠴᠦ ᠢᠷᠡᠯ᠎ᠠ    
6386633489510493612332728.bmp
 

      ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ ᠤᠨ ᠠᠯᠮᠤᠷᠠᠳ ᠪᠣᠯ ᠡᠬᠡ ᠪᠠᠶᠢᠭᠠᠯᠢ ᠠᠴᠠ ᠰᠣᠶᠣᠷᠬᠠᠭᠰᠠᠨ ᠬᠡᠰᠢᠭ ᠶᠤᠮ

      ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ ᠤᠨ ᠠᠯᠮᠤᠷᠠᠳ ᠨᠢ ᠤᠮᠠᠷᠠᠲᠤ ᠥᠷᠭᠡᠷᠢᠭ ᠤᠨ 39°42′᠂ ᠲᠡᠯᠡᠶ ᠶᠢᠨ ᠲᠦᠪᠰᠢᠨ ᠠᠴᠠ ᠪᠠᠷᠤᠭ

1400 ᠮᠧᠲᠷ ᠡᠷᠭᠦᠭᠳᠡᠭᠰᠡᠨ ᠳᠣᠪᠣᠷᠬᠠᠭ ᠭᠤᠸ ᠭᠠᠩᠭ᠎ᠠ  ᠲᠠᠢ ᠬᠠᠶᠢᠷ ᠴᠢᠯᠠᠭᠤᠯᠢᠭ ᠤᠨ ᠣᠷᠣᠨ ᠳᠤ ᠤᠷᠭᠤᠵᠤ᠂ ᠣᠯᠠᠨ ᠠᠴᠠ ᠣᠨᠴᠠᠭᠠᠶ ᠪᠠᠶᠢᠭᠠᠯᠢ ᠶᠢᠨ

ᠨᠥᠬᠦᠴᠡᠯ ᠨᠢ ᠲᠡᠳᠡᠨ ᠳᠤ ᠥᠪᠡᠷᠮᠢᠴᠡ ᠴᠢᠨᠠᠷ ᠢ ᠣᠯᠭᠤᠭᠰᠠᠨ ᠪᠠᠶᠢᠨ᠎ᠠ᠃ ᠨᠤᠸᠠᠨ ᠱᠦᠢ ᠶᠢᠨ ᠪᠤᠯᠠᠭ ᠤᠨ ᠤᠰᠤ  ᠪᠠᠷ ᠤᠮᠳᠠᠯᠠᠵᠤ᠂ 8 - 9 ᠴᠠᠭ ᠤᠨ

ᠨᠡᠷᠡᠨ ᠤ ᠲᠤᠰᠤᠯᠲᠠ ᠶᠢ ᠬᠦᠷᠲᠡᠵᠦ᠂ 150 ᠭᠠᠷᠤᠢ ᠡᠳᠦᠷ ᠤᠨ ᠬᠢᠷᠠᠭᠤ ᠦᠭᠡᠢ ᠬᠤᠭᠤᠴᠠᠭ᠎ᠠ ᠶᠢ ᠥᠩᠭᠡᠷᠡᠭᠦᠯᠦᠭᠰᠡᠨ ᠤ ᠳᠡᠭᠡᠷ᠎ᠡ ᠡᠳᠦᠷ ᠰᠥᠨᠢ ᠶᠢᠨ

ᠳᠤᠯᠠᠭᠠᠨ ᠤ ᠵᠥᠷᠢᠶ᠎ᠡ ᠶᠡᠭᠡ ᠪᠣᠯᠬᠤᠷ ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ ᠤᠨ ᠠᠯᠮᠤᠷᠠᠳ ᠤᠨ ᠭᠠᠳᠠᠷ ᠪᠠᠶᠢᠳᠠᠯ ᠨᠢ ᠬᠥᠮᠥᠨ ᠤ ᠰᠣᠨᠢᠷᠬᠠᠯ ᠢ

ᠲᠠᠲᠠᠬᠤ ᠪᠠᠷ ᠦᠯᠤ ᠪᠠᠷᠠᠨ᠂ ᠠᠮᠲᠠ ᠰᠢᠮᠲᠡ ᠨᠢ ᠨᠠᠩ ᠴᠤ ᠤᠰᠤᠷᠬᠠᠭ ᠠᠮᠲᠠᠲᠠᠢ ᠪᠠᠶᠢᠳᠠᠭ᠃ ᠠᠯᠮᠤᠷᠠᠳ ᠪᠦᠷᠢ ᠳᠤ ᠰᠧᠯᠧᠨ᠂ ᠲᠡᠮᠦᠷ᠂ ᠴᠠᠶᠢᠷ ᠵᠡᠷᠭᠡ ᠣᠯᠠᠨ

ᠵᠦᠢᠯ ᠤᠨ ᠪᠢᠴᠢᠯ ᠡᠯᠧᠮᠧᠨ᠋ᠲ ᠵᠢᠴᠢ ᠸᠢᠲ᠋ᠠᠮᠢᠨ C ᠵᠡᠷᠭᠡ ᠣᠯᠠᠨ ᠵᠦᠢᠯ ᠤᠨ ᠸᠢᠲ᠋ᠠᠮᠢᠨ ᠡᠯᠪᠡᠭ ᠠᠭᠤᠯᠵᠤ᠂ ᠰᠢᠮ᠎ᠡ ᠲᠡᠵᠢᠭᠡᠯ ᠤᠨ ᠥᠷᠲᠡᠭ ᠨᠢ ᠲᠤᠶᠢᠯ ᠤᠨ

ᠥᠨᠳᠥᠷ ᠪᠠᠶᠢᠳᠠᠭ᠃ ᠲᠡᠳᠡᠭᠡᠷ ᠨᠢ ᠤᠯᠠᠨ ᠲᠦᠮᠡᠨ ᠤ ᠪᠠᠶᠠᠵᠢᠨ ᠴᠢᠨᠡᠭᠡᠯᠢᠭᠵᠢᠬᠦ ᠶᠢᠨ ︽ᠡᠷᠳᠡᠨᠢ︾ ᠪᠣᠯᠬᠤ ᠪᠠᠷ ᠦᠯᠤ ᠪᠠᠷᠠᠨ᠂ ᠨᠡᠩ ᠴᠤ ᠡᠬᠡ ᠪᠠᠶᠢᠭᠠᠯᠢ ᠠᠴᠠ

ᠬᠠᠷᠵᠠᠳᠠᠢ ᠰᠢᠶᠠᠩ ᠤᠨ ᠠᠷᠠᠳ ᠲᠦᠮᠡᠨ ᠳᠤ ᠰᠣᠶᠣᠷᠬᠠᠭᠰᠠᠨ ᠬᠡᠰᠢᠭ ᠪᠣᠯᠬᠤ ᠶᠤᠮ᠃ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ

ᠠᠩᠬᠠᠳᠠᠭᠴᠢ ᠠᠯᠮᠤᠷᠠᠳ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠳᠦᠷᠤᠯ ᠲᠡᠮᠳᠡᠭᠲᠦ ᠪᠣᠯᠤᠭᠰᠠᠨ ᠤ ᠬᠤᠪᠢ ᠳᠤ᠂ ︽ᠬᠠᠷᠵᠠᠳᠠᠢ ᠰᠢᠶᠠᠩ ᠤᠨ

ᠠᠭᠤᠯᠠᠷᠬᠠᠭ ᠭᠠᠵᠠᠷ︾ ᠨᠢ ᠬᠠᠷᠵᠠᠳᠠᠢ ᠰᠢᠶᠠᠩ ᠤᠨ ᠠᠷᠠᠳ ᠲᠦᠮᠡᠨ ᠤ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠬᠤ ᠪᠠᠷ ᠪᠠᠷᠠᠬᠤ ᠦᠭᠡᠢ᠂ ᠨᠠᠩ ᠴᠤ ᠥᠪᠥᠷ

ᠮᠣᠩᠭᠤᠯ ᠤᠨ ᠵᠢᠮᠢᠰ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠳᠦᠷᠤᠯ ᠲᠡᠮᠳᠡᠭᠲᠦ ᠶᠢᠨ ᠨᠢᠭᠡᠨ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ

ᠪᠣᠯᠤᠭᠰᠠᠨ ᠪᠠᠶᠢᠨ᠎ᠠ᠃ 

 6386633490605655201212531.bmp

       ᠲᠣᠯᠣᠭᠠᠶᠢᠯᠠᠭᠴᠢ ᠲᠤᠰᠬᠠᠢ ᠬᠤᠷᠰᠢᠶᠠᠵᠢᠯ ᠤᠨ ᠬᠥᠭᠵᠢᠨ ᠮᠠᠨᠳᠤᠬᠤ ᠵᠠᠮ

      ᠣᠷᠳᠣᠰ ᠬᠤᠳᠠ ᠶᠢᠨ ᠵᠡᠭᠦᠨᠭᠠᠷ ᠬᠤᠰᠢᠭᠤᠨ ᠤ ᠬᠠᠷᠵᠠᠳᠠᠢ ᠰᠢᠶᠠᠩ ᠤᠨ ᠳ᠋ᠧ ᠱᠧᠩ ᠶᠢᠤ ᠯᠢᠶᠠᠩ ᠲᠣᠰᠬᠤᠨ ᠪᠣᠯ᠂ ᠠᠭᠤᠯᠠᠷᠬᠠᠭ ᠭᠠᠵᠠᠷ ᠤᠨ ᠠᠯᠮᠤᠷᠠᠳ

ᠳᠠᠷᠢᠵᠤ ᠨᠣᠭᠤᠭᠠᠨ ᠥᠩᠭᠡ ᠪᠠᠷ ᠬᠤᠴᠢᠭᠳᠠᠭᠰᠠᠨ ᠭᠠᠵᠠᠷ ᠣᠷᠣᠨ ᠪᠣᠯᠣᠨ᠎ᠠ᠃ ᠠᠳᠡᠬᠢ ᠪᠣᠯ ᠵᠡᠭᠦᠨᠭᠠᠷ ᠬᠤᠰᠢᠭᠤᠨ ᠤ ᠯᠢᠦᠢ  ᠫᠢᠩ ᠯᠢᠨ ᠬᠦᠸᠧ ᠠᠵᠤ

ᠦᠢᠯᠡᠰ ᠤᠨ ᠲᠤᠰᠬᠠᠢ ᠬᠤᠷᠰᠢᠶᠠᠵᠢᠯ ᠤᠨ ᠪᠠᠶᠢᠷᠢᠯᠠᠵᠤ ᠪᠠᠶᠢᠭ᠎ᠠ ᠭᠠᠵᠠᠷ ᠪᠣᠯᠣᠨ᠎ᠠ᠃ 2019 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠬᠤᠷᠰᠢᠶᠠᠵᠢᠯ ᠨᠢ

ᠠᠭᠤᠯᠠᠷᠬᠠᠭ ᠣᠷᠣᠨ ᠤ ᠠᠯᠮᠤᠷᠠᠳ ᠭᠡᠬᠦ ᠡᠨᠡᠬᠦ ᠣᠨᠴᠠᠯᠢᠭᠲᠤ ᠠᠵᠤ ᠦᠢᠯᠡᠰ ᠢ ᠴᠢᠩᠭ᠎ᠠ ᠡᠵᠡᠮᠳᠡᠨ᠂ ᠨᠠᠮ ᠤᠨ ᠡᠭᠦᠷ ᠠᠴᠠ ᠳᠠᠭᠠᠭᠤᠯᠤᠨ ᠡᠷᠬᠢᠯᠡᠵᠦ᠂

ᠨᠡᠶᠢᠭᠡᠮᠯᠢᠭ ᠠᠴᠠ ᠬᠠᠮᠲᠤᠪᠠᠷ ᠬᠠᠮᠢᠶᠠᠷᠬᠤ ᠵᠠᠭᠪᠤᠷ ᠢᠶᠠᠷ ᠠᠯᠮᠤᠷᠠᠳ ᠲᠠᠷᠢᠬᠤ ᠪᠠ ᠪᠣᠷᠣᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂  ᠦᠳᠲᠡᠷ ᠲᠦᠷᠭᠡᠨ ᠢᠶᠠᠷ

ᠲᠤᠬᠠᠢ ᠶᠢᠨ ᠭᠠᠵᠠᠷ ᠤᠨ ᠳᠠᠭᠠᠭᠤᠯᠤᠭᠴᠢ ᠬᠤᠷᠰᠢᠶᠠᠵᠢᠯ ᠪᠣᠯᠭᠠᠨ ᠪᠣᠶᠢᠵᠢᠭᠤᠯᠵᠠᠢ᠃ ᠣᠳᠣᠬᠠᠨ ᠳᠤ᠂ ᠬᠤᠷᠰᠢᠶᠠᠵᠢᠯ ᠨᠢ 2300 ᠭᠠᠷᠤᠢ ᠮᠦ ᠠᠯᠮᠤᠷᠠᠳ

ᠲᠠᠷᠢᠵᠦ᠂ ᠨᠢᠩ ᠹᠧᠩ᠂ ᠬᠠᠨ ᠹᠦ᠋ ᠵᠡᠷᠭᠡ 20 ᠭᠠᠷᠤᠢ ᠵᠦᠢᠯ ᠢ ᠬᠠᠮᠤᠷᠴᠤ᠂ 1000 ᠰᠢᠬᠠᠮ ᠮᠦ  ᠵᠢᠮᠢᠰ ᠤᠨ ᠮᠣᠳᠣ  ᠨᠢ ᠨᠢᠭᠡᠨᠲᠡ ᠵᠢᠮᠢᠰ ᠰᠠᠭᠤᠵᠤ᠂

ᠬᠤᠶᠢᠰᠢᠳᠠ ᠶᠢᠨ ᠵᠢᠯ ᠤᠨ ᠭᠠᠷᠤᠯᠲᠠ ᠨᠢ ᠵᠢᠱᠢᠯᠲᠡ ᠪᠠᠷ 1000 ᠭᠠᠷᠤᠢ ᠲᠦᠮᠡᠨ ᠵᠢᠩ ᠳᠤ ᠬᠦᠷᠴᠦ᠂ ᠦᠢᠯᠡᠳᠬᠦᠨ ᠤ ᠦᠷᠳᠡᠭ  ᠨᠢ 1 ᠳ᠋ᠦᠩᠰᠢᠭᠤᠷ

ᠲᠥᠭᠦᠷᠢᠭ ᠢ ᠳᠠᠪᠠᠭᠤ ᠪᠣᠯᠣᠮᠵᠢ ᠲᠠᠢ ᠪᠠᠶᠢᠨ᠎ᠠ᠃ 2023 ᠣᠨ ᠳᠤ᠂ ᠬᠤᠷᠰᠢᠶᠠᠵᠢᠯ ᠨᠢ 26.7 ᠲᠦᠮᠡᠨ ᠵᠢᠩ ᠠᠯᠮᠤᠷᠠᠳ ᠪᠣᠷᠣᠯᠠᠭᠤᠯᠵᠤ᠂ ᠡᠵᠡᠩᠨᠡᠯᠲᠡ ᠶᠢᠨ

ᠴᠢᠨᠠᠷᠲᠠᠢ ᠣᠷᠣᠯᠭ᠎ᠠ 223 ᠲᠦᠮᠡᠨ ᠲᠥᠭᠦᠷᠢᠭ ᠲᠤ ᠬᠦᠷᠴᠦ᠂ ᠴᠡᠪᠡᠷ ᠣᠷᠣᠯᠭ᠎ᠠ 27 ᠲᠦᠮᠡᠨ ᠲᠥᠭᠦᠷᠢᠭ ᠲᠤ ᠬᠦᠷᠴᠦ᠂ ᠲᠤᠬᠠᠢ ᠶᠢᠨ ᠭᠠᠵᠠᠷ ᠤᠨ ᠠᠵᠤ

ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ 

 

6386633602108772244955398.bmp

     

6386633603485337567593522.bmp   

       ᠳᠦᠷᠤᠯ ᠲᠡᠮᠳᠡᠭᠲᠦ ᠨᠢ ᠠᠯᠳᠠᠷᠰᠢᠨ ᠭᠠᠨᠵᠤᠭ᠎ᠠ ᠳᠦᠭᠦᠷᠡᠩ ᠪᠣᠯᠤᠭᠰᠠᠨ ᠵᠠᠮ

      ᠬᠤᠷᠰᠢᠶᠠᠵᠢᠯ ᠨᠢ ᠲᠦᠷᠦᠯ ᠲᠡᠮᠳᠡᠭᠲᠦ ᠶᠢᠨ ᠬᠦᠴᠦᠨ ᠢ ᠭᠦᠨᠵᠡᠭᠡᠢ ᠣᠶᠢᠯᠠᠭᠠᠵᠤ᠂ ︽ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ︾ ᠤᠨ ᠲᠠᠸᠠᠷ ᠤᠨ

ᠲᠡᠮᠳᠡᠭ ᠪᠣᠯᠣᠨ ᠬᠤᠶᠠᠷ ᠬᠠᠮᠲᠤ ᠶᠢᠨ ᠲᠠᠸᠠᠷ ᠤᠨ ᠲᠡᠮᠳᠡᠭ ᠤᠨ LOGO  ᠶᠢ ᠳᠠᠩᠰᠠᠯᠠᠭᠤᠯᠬᠤ ᠪᠠᠷ ᠳᠠᠮᠵᠢᠭᠤᠯᠵᠤ᠂ ᠣᠷᠭᠠᠨᠢᠭ ᠪᠦᠲᠦᠭᠡᠭᠳᠡᠬᠦᠨ ᠪᠣᠯᠣᠨ

ᠪᠣᠬᠢᠷᠲᠤᠯ ᠦᠭᠡᠢ ᠢᠳᠡᠭᠡᠨ ᠢ ᠭᠡᠷᠡᠴᠢᠯᠡᠵᠦ᠂ ︽ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ︾ ᠤᠨ ᠠᠯᠮᠤᠷᠠᠳ ᠢ ᠪᠦᠬᠦ ᠤᠯᠤᠰ ᠲᠤ ᠠᠮᠵᠢᠯᠲᠠ ᠲᠠᠢ

ᠠᠯᠳᠠᠷᠰᠢᠭᠤᠯᠵᠠᠢ᠃ ᠣᠶᠢᠷ᠎ᠠ ᠶᠢᠨ ᠵᠢᠯ ᠳᠤ᠂ ︽ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ︾ ᠤᠨ ᠠᠯᠮᠤᠷᠠᠳ ᠤᠳᠠᠭ᠎ᠠ ᠳᠠᠷᠠᠭᠠᠯᠠᠨ ᠣᠨᠴᠠ ᠢᠷᠠᠭᠤ ᠠᠯᠳᠠᠷ ᠢ

ᠭᠥᠷᠳᠡᠵᠦ᠂ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠪᠦᠲᠦᠭᠡᠭᠳᠡᠬᠦᠨ ᠤ ᠨᠡᠷᠡᠰ ᠲᠤ ᠰᠣᠩᠭᠤᠭᠳᠠᠭᠰᠠᠨ ᠢᠶᠠᠷ ᠪᠠᠷᠠᠬᠤ ᠦᠭᠡᠢ ᠪᠠᠰᠠ ︽2022

ᠳᠤᠮᠳᠠᠳᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭᠲᠦ ᠶᠢᠨ ᠣᠨ ᠤ ᠵᠠᠬ᠎ᠠ

ᠳᠡᠯᠭᠡᠭᠦᠷ ᠤᠨ ᠥᠷᠢᠰᠦᠯᠳᠦᠬᠦ ᠬᠦᠴᠦᠨ ᠤ ᠲᠥᠷᠥᠯ ᠲᠡᠮᠳᠡᠭᠲᠦ︾  ᠶᠢᠨ ᠪᠥᠬᠦ ᠤᠯᠤᠰ ᠤᠨ 50 ᠬᠦᠴᠦᠷᠬᠡᠭ ᠤᠨ 13 ᠳ᠋ᠤᠭᠠᠷ ᠲᠤ ᠵᠢᠭᠰᠠᠭᠠᠭᠳᠠᠵᠤ᠂ 2022

ᠣᠨ ᠤ ᠳᠤᠮᠳᠠᠳᠤ ᠤᠯᠤᠰ ᠤᠨ ᠲᠠᠷᠢᠶᠠᠯᠠᠩ ᠤᠨ  ᠪᠦᠲᠦᠭᠡᠭᠳᠡᠬᠦᠨ ᠤ ᠵᠠᠭᠤᠨ ᠬᠦᠴᠦᠷᠬᠡᠭ ᠤᠨ ᠪᠡᠯᠭᠡ ᠲᠡᠮᠳᠡᠭ ᠤᠨ ᠴᠢᠨᠠᠷᠲᠠᠢ ᠲᠥᠷᠥᠯ ᠲᠡᠮᠳᠡᠭᠲᠦ ᠵᠡᠷᠭᠡ ᠶᠢ

ᠪᠠᠭᠲᠠᠭᠠᠭᠰᠠᠨ ᠣᠯᠠᠨ ᠵᠦᠢᠯ ᠤᠨ ᠲᠣᠮᠣ ᠱᠠᠩᠨᠠᠯ ᠢ ᠭᠥᠷᠳᠡᠭᠰᠡᠨ ᠪᠠᠶᠢᠨ᠎ᠠ᠃ ᠡᠨᠡ ᠵᠢᠯ ᠤᠨ 6 ᠰᠠᠷ᠎ᠠ ᠳᠤ᠂ ︽ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ ᠤᠨ

ᠠᠯᠮᠤᠷᠠᠳ︾ ᠨᠢ ︽ᠳᠤᠯᠠᠭᠠᠨ ᠬᠤᠲᠠ ᠶᠢᠨ ᠳᠠᠩᠰᠤᠭ ᠦᠨᠦᠷ ᠠᠮᠲᠠ︾ ᠶᠢᠨ ᠡᠷᠬᠡ ᠣᠯᠭᠤᠭᠰᠠᠨ ᠦᠢᠯᠡᠳᠬᠦᠨ ᠪᠣᠯᠤᠭᠰᠠᠨ ᠤ ᠬᠠᠮᠲᠤ ᠪᠠᠰᠠ ︽ᠥᠪᠥᠷ

ᠮᠣᠩᠭᠤᠯ︾ ᠤᠨ ᠭᠡᠷᠡᠴᠢᠯᠡᠯ ᠤᠨ ᠲᠤᠰᠬᠠᠢ ᠮᠡᠷᠭᠡᠵᠢᠯᠲᠡᠨ ᠤ ᠪᠦᠯᠬᠦᠮ ᠤᠨ ᠬᠢᠨᠠᠨ ᠰᠢᠯᠭᠠᠷᠠᠭᠤᠯᠤᠯᠲᠠ ᠶᠢ ᠤᠷᠤᠭᠰᠢᠲᠠᠢ ᠥᠩᠭᠡᠷᠡᠭᠦᠯᠪᠡ᠃ ᠡᠨᠡ ᠨᠢ ᠺᠣᠮᠫᠠᠨᠢ ᠶᠢᠨ

ᠴᠢᠨᠠᠷ ᠴᠢᠨᠰᠠᠭ᠎ᠠ ᠶᠢ ᠮᠡᠳᠡᠷᠡᠵᠦ ᠪᠠᠶᠢᠬᠤ ᠪᠠᠷ ᠦᠯᠤ ᠪᠠᠷᠠᠨ᠂ ᠨᠠᠩ ᠴᠤ ᠲᠦᠷᠦᠯ ᠲᠡᠮᠳᠡᠭᠲᠦ ᠶᠢᠨ ᠢᠷᠡᠭᠡᠳᠦᠢ ᠶᠢᠨ ᠲᠤᠬᠠᠢ ᠬᠦᠰᠡᠯ ᠡᠷᠡᠮᠡᠯᠵᠡᠯ ᠪᠣᠯᠬᠤ ᠶᠤᠮ᠃

ᠡᠲᠡᠭᠡᠷ ᠢᠷᠠᠭᠤ ᠠᠯᠳᠠᠷ ᠢ ᠭᠥᠷᠳᠡᠭᠰᠡᠨ ᠨᠢ ︽ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ︾ ᠤᠨ ᠠᠯᠮᠤᠷᠠᠳ ᠤᠨ ᠲᠦᠷᠦᠯ ᠲᠡᠮᠳᠡᠭᠲᠦ ᠶᠢᠨ ᠠᠯᠳᠠᠷᠰᠢᠯ ᠢ

ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠵᠡᠭᠦᠨᠭᠠᠷ ᠬᠤᠰᠢᠭᠤ ᠴᠢᠨᠠᠭᠰᠢᠯᠠᠪᠠᠯ ᠥᠪᠥᠷ ᠮᠣᠩᠭᠤᠯ ᠤᠨ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ

ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠳᠤ ᠥᠯᠢᠭᠡᠷ ᠳᠠᠭᠤᠷᠢᠶᠠᠯ ᠪᠣᠯᠤᠭᠰᠠᠨ ᠪᠠᠶᠢᠨ᠎ᠠ᠃   

6386633606097837534341523.bmp

      ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ  ᠢᠶᠠᠷ ᠬᠦᠴᠦᠨ ᠣᠯᠭᠤᠵᠤ ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ

 ᠤᠨ ᠠᠯᠮᠤᠷᠠᠳ ᠤᠨ ᠰᠠᠶᠢᠨ ᠴᠢᠨᠠᠷ ᠢ ᠬᠠᠮᠲᠤ ᠪᠠᠷ ᠴᠣᠭᠴᠠᠯᠠᠪᠠ

      ᠠᠯᠮᠤᠷᠠᠳ ᠤᠨ ᠠᠵᠤ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠶᠢᠨ ᠲᠤᠰᠠᠳᠠ᠂ ᠬᠤᠷᠰᠢᠶᠠᠵᠢᠯ ᠤᠨ ᠬᠢᠨ ᠰᠠᠭᠤᠷᠢ ᠲᠥᠬᠦᠭᠡᠷᠦᠮᠵᠢ ᠶᠢᠨ

ᠲᠠᠯ᠎ᠠ ᠪᠠᠷ ᠶᠡᠭᠡ ᠬᠦᠴᠦ ᠣᠷᠣᠭᠤᠯᠤᠭᠰᠠᠨ ᠪᠠᠶᠢᠨ᠎ᠠ᠃ ᠳᠤᠰᠬᠤᠨ ᠤ ᠱᠠᠲᠤᠨ ᠤ ᠵᠠᠰᠠᠮᠠᠯ ᠵᠠᠮ ᠢ 30 ᠺᠢᠯᠣᠮᠧᠲᠷ ᠰᠢᠨ᠎ᠡ ᠪᠠᠷ ᠵᠠᠰᠠᠵᠤ ᠥᠭᠡᠷᠡᠴᠢᠯᠡᠨ ᠵᠠᠰᠠᠵᠤ᠂

ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠵᠠᠰᠠᠬᠤ ᠢᠨᠵᠧᠨᠧᠷᠢᠩ ᠢ ᠪᠡᠶᠡᠯᠡᠭᠦᠯᠵᠦ᠂ 22 ᠰᠠᠭᠤᠷᠢ ᠬᠦᠴᠦᠳᠡᠯ ᠥᠭᠡᠷᠡᠴᠢᠯᠡᠭᠴᠢ ᠶᠢ ᠰᠢᠨ᠎ᠡ ᠪᠠᠷ

ᠪᠠᠶᠢᠭᠤᠯᠵᠤ ᠥᠷᠭᠡᠳᠬᠡᠨ ᠪᠠᠶᠢᠭᠤᠯᠤᠭᠰᠠᠨ ᠪᠥᠭᠡᠳ ᠮᠥᠨᠳᠥᠷ ᠢ ᠰᠡᠷᠭᠡᠶᠢᠯᠡᠬᠦ ᠲᠣᠣᠷ᠂ ᠳᠤᠰᠤᠯᠭᠠᠨ ᠤᠰᠤᠯᠠᠬᠤ ᠰᠢᠰᠲ᠋ᠧᠮ ᠵᠡᠷᠭᠡ ᠣᠳᠣᠬᠢᠴᠢᠯᠠᠭᠰᠠᠨ

ᠲᠠᠷᠢᠶᠠᠯᠠᠩ ᠤᠨ ᠲᠥᠬᠦᠭᠡᠷᠦᠮᠵᠢ ᠶᠢ ᠪᠠᠶᠢᠭᠤᠯᠪᠠ᠃ ᠠᠯᠢ ᠤᠯᠠᠨ ᠠᠷᠭ᠎ᠠ ᠬᠡᠮᠵᠢᠶ᠎ᠡ ᠨᠢ ᠬᠤᠷᠰᠢᠶᠠᠵᠢᠯ ᠤᠨ ᠦᠢᠯᠡᠳᠪᠦᠷᠢᠯᠡᠯ ᠤᠨ ᠨᠥᠬᠦᠴᠡᠯ ᠢ ᠲᠤᠶᠢᠯ ᠤᠨ ᠶᠡᠭᠡ ᠪᠠᠷ

ᠰᠠᠶᠢᠵᠢᠷᠠᠭᠤᠯᠪᠠ᠃ ᠡᠭᠦᠨ ᠠᠴᠠ ᠭᠠᠳᠠᠨ᠎ᠠ᠂ ᠬᠤᠷᠰᠢᠶᠠᠵᠢᠯ  ᠠᠴᠠ ᠪᠠᠰᠠ ᠠᠯᠮᠤᠷᠠᠳ ᠢ ᠢᠯᠭᠠᠨ ᠰᠣᠩᠭᠤᠬᠤ ᠪᠦᠷᠢᠨ ᠠᠦ᠋ᠲ᠋ᠣ᠋ ᠣᠶᠤᠨᠴᠢ ᠲᠥᠬᠦᠭᠡᠷᠦᠮᠵᠢ ᠪᠠ

ᠰᠢᠨ᠎ᠡ ᠰᠣᠷᠭᠤᠭ ᠢᠶᠠᠷ ᠬᠠᠳᠠᠭᠠᠯᠠᠬᠤ ᠬᠥᠮᠥᠷᠭᠡ᠂ ᠰᠢᠨ᠎ᠡ ᠰᠣᠷᠭᠤᠭ ᠢᠶᠠᠷ ᠬᠠᠳᠠᠭᠠᠯᠠᠬᠤ ᠬᠦᠢᠲᠡᠨ ᠬᠥᠮᠥᠷᠭᠡ ᠬᠤᠳᠠᠯᠳᠤᠨ ᠠᠪᠴᠤ᠂ ᠠᠯᠮᠤᠷᠠᠳ ᠢ ᠬᠠᠳᠠᠭᠠᠯᠠᠬᠤ

ᠪᠠ ᠲᠠᠰ ᠬᠤᠪᠢᠶᠠᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠳᠡᠭᠡᠷ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠭᠰᠡᠨ ᠨᠢ ᠬᠤᠷᠰᠢᠶᠠᠵᠢᠯ ᠤᠨ

ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠭᠰᠡᠨ ᠢᠶᠠᠷ ᠦᠯᠤ ᠪᠠᠷᠠᠨ ᠪᠠᠰᠠ︽ᠨᠤᠸᠠᠨ ᠱᠦᠢ ᠶᠢᠨ ᠠᠭᠤᠯᠠᠷᠬᠠᠭ ᠭᠠᠵᠠᠷ︾ ᠤᠨ ᠠᠯᠮᠤᠷᠠᠳ ᠤᠨ  

ᠴᠢᠨᠠᠷ ᠲᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 

         

     ︽ᠳᠤᠯᠠᠭᠠᠨ ᠬᠤᠲᠠ ᠶᠢᠨ ᠳᠠᠩᠰᠤᠭ ᠦᠨᠦᠷ ᠠᠮᠲᠠ︾ ᠳᠦᠷᠤᠯ ᠲᠡᠮᠳᠡᠭᠲᠦ ᠶᠢᠨ ᠬᠦᠰᠡᠯ ᠢ ᠬᠠᠮᠲᠤ ᠪᠠᠷ ᠲᠡᠷᠭᠡᠯᠰᠢᠭᠦᠯᠪᠡ

      ᠵᠡᠭᠦᠨᠭᠠᠷ ᠬᠤᠰᠢᠭᠤᠨ ᠤ ᠯᠢᠦᠢ ᠫᠢᠩ ᠯᠢᠨ ᠬᠦᠸᠧ ᠠᠵᠤ ᠦᠢᠯᠡᠰ ᠤᠨ ᠲᠤᠰᠬᠠᠢ ᠬᠤᠷᠰᠢᠶᠠᠵᠢᠯ ᠳᠤ ᠬᠦᠷᠴᠦ᠂ ᠪᠢᠳᠡ ︽ᠨᠤᠸᠠᠨ ᠱᠦᠢ ᠶᠢᠨ ᠠᠭᠤᠯᠠᠷᠬᠠᠭ

ᠭᠠᠵᠠᠷ︾ ᠤᠨ ᠠᠯᠮᠤᠷᠠᠳ ᠤᠨ ᠳᠦᠷᠤᠯ ᠲᠡᠮᠳᠡᠭᠲᠦ ᠶᠢᠨ ᠬᠥᠭᠵᠢᠯᠲᠡ ᠪᠠ ᠬᠡᠷᠡᠯ ᠰᠠᠴᠤᠷᠠᠩᠭᠤᠢ ᠠᠮᠵᠢᠯᠲᠠ ᠶᠢ ᠭᠡᠷᠡᠴᠢᠯᠡᠭᠰᠡᠨ ᠢᠶᠠᠷ ᠪᠠᠷᠠᠬᠤ ᠦᠭᠡᠢ᠂ ᠨᠠᠩ ᠴᠤ

ᠬᠠᠷᠵᠠᠳᠠᠢ ᠰᠢᠶᠠᠩ ᠤᠨ ᠠᠷᠠᠳ ᠲᠦᠮᠡᠨ ᠤ ᠡᠨᠡ ᠬᠦ ᠨᠤᠲᠤᠭ ᠳᠡᠪᠢᠰᠬᠡᠷ ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠪᠠᠷᠢᠮᠲᠠᠯᠠᠯ ᠲᠠᠢ ᠪᠠᠶᠢᠬᠤ ᠶᠢ ᠣᠯᠵᠤ

ᠮᠠᠲᠠᠵᠠᠢ᠃ ︽ᠳᠤᠯᠠᠭᠠᠨ ᠬᠤᠲᠠ  ᠶᠢᠨ ᠳᠠᠩᠰᠤᠭ ᠦᠨᠦᠷ ᠠᠮᠲᠠ︾ ᠣᠷᠣᠨ ᠪᠦᠰᠡ ᠶᠢᠨ ᠳᠦᠷᠤᠯ ᠲᠡᠮᠳᠡᠭᠲᠦ  ᠶᠢᠨ ᠴᠢᠬᠤᠯᠠ ᠪᠦᠷᠢᠯᠳᠦᠭᠦᠨ ᠬᠡᠰᠡᠭ

ᠪᠣᠯᠤᠭᠰᠠᠨ ᠤ ᠬᠤᠪᠢ ᠳᠤ᠂ ︽ᠬᠠᠷᠵᠠᠳᠠᠢ ᠰᠢᠶᠠᠩ ᠤᠨ ᠠᠭᠤᠯᠠᠷᠬᠠᠭ ᠭᠠᠵᠠᠷ︾ ᠤᠨ ᠠᠯᠮᠤᠷᠠᠳ ᠨᠢ ᠬᠠᠷᠵᠠᠳᠠᠢ ᠰᠢᠶᠠᠩ ᠤᠨ ᠠᠷᠠᠳ ᠲᠦᠮᠡᠨ ᠤ ᠬᠦᠰᠡᠯ

ᠡᠷᠡᠮᠡᠯᠵᠡᠯ ᠢ ᠠᠴᠢᠶᠠᠯᠠᠵᠤ ᠪᠠᠶᠢᠬᠤ ᠪᠠᠷ ᠪᠠᠷᠠᠬᠤ ᠦᠭᠡᠢ᠂ ᠨᠠᠩ ᠴᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ

ᠳᠦᠷᠤᠯ ᠲᠡᠮᠳᠡᠭᠲᠦ  ᠶᠢᠨ ᠪᠦᠲᠦᠭᠡᠨ ᠪᠠᠶᠢᠭᠤᠯᠤᠯᠲᠠ ᠶᠢᠨ ᠨᠢᠭᠡᠨ ᠭᠤᠶᠢᠳᠠ ᠰᠠᠶᠢᠬᠠᠨ ᠨᠡᠷ᠎ᠡ ᠶᠢᠨ ᠬᠠᠭᠤᠳᠠᠰᠤ ᠪᠣᠯᠤᠭᠰᠠᠨ ᠪᠠᠶᠢᠨ᠎ᠠ᠃ ᠡᠨᠡᠬᠦ ᠬᠤᠷᠢᠶᠠᠯᠲᠠ ᠶᠢᠨ

ᠤᠯᠠᠷᠢᠯ ᠳᠤ᠂ ᠪᠢᠳᠡ ᠭᠠᠷ ᠬᠤᠯᠪᠣᠨ ᠬᠠᠮᠲᠤᠪᠠᠷ ᠤᠷᠤᠭᠰᠢᠯᠠᠵᠤ᠂ ︽ᠳᠤᠯᠠᠭᠠᠨ ᠬᠤᠳᠠ ᠶᠢᠨ ᠳᠠᠩᠰᠤᠭ ᠦᠨᠦᠷ ᠠᠮᠲᠠ︾ ᠳᠦᠷᠤᠯ ᠲᠡᠮᠳᠡᠭᠲᠦ  ᠶᠢᠨ ᠰᠢᠨ᠎ᠡ

ᠬᠠᠭᠤᠳᠠᠰᠤ ᠶᠢ ᠬᠠᠮᠲᠤᠪᠠᠷ ᠪᠢᠴᠢᠭᠯᠡᠵᠦ᠂ ᠡᠨᠡᠬᠦ ᠡᠬᠡ ᠪᠠᠶᠢᠭᠠᠯᠢ ᠠᠴᠠ ᠰᠣᠶᠣᠷᠬᠠᠭᠰᠠᠨ ᠬᠡᠰᠢᠭ ᠢᠶᠠᠷ ᠨᠡᠩ ᠤᠯᠠᠨ ᠬᠥᠮᠥᠨ ᠤ ᠰᠡᠳᠬᠢᠯ ᠢ ᠳᠤᠯᠠᠭᠠᠴᠠᠭᠤᠯᠤᠶ᠎ᠠ᠃ 

 

ᠢᠷᠡᠯᠲᠡ᠄ ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ