ᠣᠷᠳᠣᠰ ᠬᠤᠲᠠ ᠶᠢᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠦᠨᠳᠦᠰᠤᠨ ᠨᠠᠰᠤᠵᠢᠯ ᠤᠨ ᠠᠰᠡᠷᠡᠮᠵᠢ ᠶᠢᠨ ᠮᠦᠩᠬᠦ ᠶᠢᠨ ᠥᠪᠡᠷᠳᠡᠭᠡᠨ ᠵᠠᠰᠠᠬᠤ ᠣᠷᠣᠨ ᠤ ᠳᠡᠭᠡᠭᠰᠢᠯᠡᠭᠦᠯᠦᠭᠰᠡᠨ ᠬᠡᠰᠡᠭ ᠢ ᠲᠣᠬᠢᠷᠠᠭᠤᠯᠤᠨ ᠣᠷᠣᠨᠵᠢᠭᠤᠯᠪᠠ
ᠨᠡᠶᠢᠲᠡᠯᠡᠭᠰᠡᠨ ᠴᠠᠭ᠄
2024/12/3
     ᠥᠪᠣᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠤᠯᠤᠰ ᠠᠴᠠ ᠲᠣᠭᠲᠠᠭᠠᠭᠰᠠᠨ ᠬᠠᠮᠤᠭ ᠤᠨ ᠲᠣᠣᠷ᠎ᠠ ᠦᠨᠳᠦᠰᠤᠨ ᠨᠠᠰᠤᠵᠢᠯ ᠤᠨ ᠮᠦᠩᠬᠦ ᠶᠢ 20 ᠲᠦᠭᠦᠷᠢᠭ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠬᠠᠮᠤᠭ ᠤᠨ ᠳᠣᠣᠷ᠎ᠠ ᠦᠨᠳᠦᠰᠤᠨ ᠨᠠᠰᠤᠵᠢᠯ ᠤᠨ ᠮᠦᠩᠬᠦ ᠶᠢ 2024 ᠣᠨ ᠤ 7 ᠰᠠᠷ᠎ᠠ ᠶᠢᠨ 1᠎ ᠤ ᠡᠳᠤᠷ ᠠᠴᠠ ᠡᠬᠢᠯᠡᠨ ᠳᠠᠬᠢᠨ 7 ᠲᠦᠭᠦᠷᠢᠭ ᠨᠡᠮᠡᠭᠳᠡᠭᠦᠯᠬᠦ ᠪᠠᠷ ᠲᠣᠭᠲᠠᠭᠠᠪᠠ᠃ ᠲᠣᠰ ᠤᠳᠠᠭ᠎ᠠ ᠳᠣᠬᠢᠷᠠᠭᠤᠯᠤᠯᠲᠠ ᠬᠢᠭᠰᠡᠨ ᠤ ᠳᠠᠷᠠᠭ᠎ᠠ᠂ ᠤᠷᠳᠤᠰ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠮᠦᠩᠬᠦ ᠶᠢᠨ ᠬᠠᠮᠤᠭ ᠤᠨ ᠲᠣᠣᠷ᠎ᠠ ᠪᠠᠷᠢᠮᠵᠢᠶ᠎ᠠ ᠶᠢ 490 ᠲᠥᠭᠦᠷᠢᠭ ᠤᠨ ᠰᠠᠭᠤᠷᠢᠨ ᠳᠡᠭᠡᠷ᠎ᠡ ᠬᠦᠮᠤᠨ ᠪᠦᠷᠢ ᠰᠠᠷ᠎ᠠ ᠳᠤ 497 ᠲᠦᠭᠦᠷᠢᠭ ᠪᠣᠯᠭᠠᠨ ᠳᠡᠭᠡᠭᠰᠢᠯᠡᠭᠦᠯᠪᠠ᠃ 11 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ᠬᠠᠷᠠᠭᠠᠯᠵᠠᠯ ᠬᠦᠷᠲᠡᠵᠤ ᠪᠠᠶᠢᠭ᠎ᠠ 21063 ᠬᠥᠮᠤᠰ ᠲᠤ ᠨᠡᠶᠢᠲᠡ 147.47 ᠲᠦᠮᠡᠨ ᠲᠦᠭᠦᠷᠢᠭ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠬᠦ ᠨᠡᠮᠡᠵᠤ ᠤᠯᠭᠤᠪᠠ︔ 7 ᠰᠠᠷ᠎ᠠ ᠠᠴᠠ 10 ᠰᠠᠷ᠎ᠠ ᠪᠣᠯᠳᠠᠯ᠎ᠠ ᠳᠡᠭᠡᠭᠰᠢᠯᠡᠭᠦᠯᠦᠭᠰᠡᠨ ᠬᠠᠷᠠᠭᠠᠯᠵᠠᠯ ᠢ 587.12 ᠲᠦᠮᠡᠨ ᠲᠦᠭᠦᠷᠢᠭ ᠨᠥᠬᠦᠨ ᠣᠯᠭᠤᠵᠤ᠂ 838743 ᠬᠦᠮᠤᠨ ᠤᠳᠠᠭ᠎ᠠ ᠳᠤ ᠬᠤᠯᠪᠣᠭᠳᠠᠵᠠᠢ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ