ᠣᠷᠳᠤᠰ ᠬᠤᠲᠠ ᠳᠤ ᠵᠠᠯᠠᠭᠤᠴᠤᠳ ᠪᠠᠭᠠᠴᠤᠳ ᠤᠨ ᠰᠤᠳᠤᠯᠤᠨ ᠰᠣᠷᠣᠯᠴᠠᠬᠤ ᠰᠠᠭᠤᠷᠢᠨ ᠭᠠᠵᠠᠷ ᠰᠢᠨ᠎ᠡ ᠪᠠᠷ ᠨᠡᠮᠡᠭᠳᠡᠯ᠎ᠡ
ᠨᠡᠶᠢᠲᠡᠯᠡᠭᠰᠡᠨ ᠴᠠᠭ᠄
2024/12/3
    ᠣᠶᠢᠷ᠎ᠠ ᠶᠢᠨ ᠡᠳᠦᠷ ᠤᠷᠳᠤᠰ ᠬᠤᠲᠠ ᠶᠢᠨ ᠮᠥᠴᠠ ᠶᠢᠨ ᠣᠷᠣᠨ ᠵᠠᠢ ᠶᠢᠨ ᠰᠤᠳᠤᠯᠭᠠᠨ ᠤ ᠰᠠᠭᠤᠷᠢᠨ ᠭᠠᠵᠠᠷ ᠳ᠋ᠦᠩᠱᠧᠩ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠭᠡᠭᠡᠨ ᠤ ᠲᠥᠪ ᠲᠤ ᠡᠬᠢᠯᠡᠪᠡ᠃    ᠲᠣᠰ ᠰᠠᠭᠤᠷᠢᠨ ᠭᠠᠵᠠᠷ ᠨᠢ ᠵᠣᠬᠢᠶᠠᠮᠡᠯ ᠣᠶᠣᠨᠴᠢ ᠦᠵᠡᠭᠦᠯᠭᠡ ᠶᠢᠨ ᠲᠢᠩᠬᠢᠮ᠂ ᠬᠦᠴᠦᠷᠬᠡᠭ ᠤᠯᠤᠰ ᠤᠨ ᠦᠵᠡᠭᠦᠯᠭᠡ ᠶᠢᠨ ᠲᠢᠩᠬᠢᠮ᠂ ᠢᠷᠡᠭᠡᠳᠦᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠲᠢᠩᠬᠢᠮ᠂ ᠮᠥᠴᠡ ᠶᠢᠨ ᠬᠠᠷᠠᠭᠠᠨ ᠬᠡᠪᠴᠢᠶ᠎ᠡ ᠵᠡᠷᠭᠡ ᠳᠥᠷᠪᠡᠨ ᠶᠡᠭᠡ ᠥᠵᠡᠭᠦᠯᠭᠡ ᠶᠢᠨ ᠲᠢᠩᠬᠢᠮ ᠎ ᠢᠶᠠᠷ ᠪᠦᠷᠢᠯᠳᠦᠵᠦ᠂ 2600 ᠲᠡᠭᠰᠢ ᠳᠦᠷᠪᠡᠯᠵᠢᠨ ᠮᠧᠲᠷ ᠤᠨ ᠬᠤᠭᠤᠯᠠᠨ ᠲᠢᠩᠬᠢᠮ ᠵᠢᠴᠢ 7000 ᠲᠡᠭᠰᠢ ᠲᠥᠷᠪᠡᠯᠵᠢᠨ ᠮᠧᠲᠷ ᠤᠨ ᠬᠤᠨᠣᠭᠯᠠᠬᠤ ᠣᠷᠣᠨ ᠲᠣᠭᠤᠷᠢᠭ ᠢ ᠢᠵᠢ ᠪᠦᠷᠢᠳᠦᠭᠦᠯᠦᠭᠡᠳ ᠡᠳᠤᠷ ᠪᠦᠷᠢ 1000 ᠭᠠᠷᠤᠢ ᠬᠦᠮᠤᠨ ᠢ ᠣᠭᠲᠤᠨ ᠵᠣᠴᠢᠯᠠᠬᠤ ᠪᠠᠭᠲᠠᠭᠠᠮᠵᠢ ᠲᠠᠢ᠃     ᠣᠷᠳᠤᠰ ᠬᠤᠲᠠ ᠶᠢᠨ ᠮᠥᠴᠠ ᠶᠢᠨ ᠣᠷᠣᠨ ᠵᠠᠢ ᠶᠢᠨ ᠰᠤᠳᠤᠯᠭᠠᠨ ᠤ ᠰᠠᠭᠤᠷᠢᠨ ᠭᠠᠵᠠᠷ ᠢ ᠳ᠋ᠦᠩᠱᠧᠩ ᠲᠣᠭᠤᠷᠢᠭ ᠤᠨ ᠰᠣᠶᠣᠯ ᠵᠢᠭᠤᠯᠴᠢᠯᠡᠯ ᠤᠨ ᠪᠦᠯᠤᠭ᠍ᠯᠡᠯ ᠪᠣᠯᠣᠨ ᠥᠪᠣᠷ ᠮᠤᠩᠭᠤᠯ ᠤᠨ ᠫᠦ᠋ ᠰᠧᠨ ᠰᠤᠳᠤᠯᠤᠨ ᠰᠤᠷᠤᠯᠴᠠᠬᠤ ᠰᠢᠨᠵᠢᠯᠡᠬᠦ ᠤᠬᠠᠭᠠᠨ ᠰᠤᠷᠭᠠᠨ ᠬᠦᠮᠣᠵᠢᠯ ᠰᠣᠶᠣᠯ ᠤᠨ ᠬᠢᠵᠠᠭᠠᠷᠲᠤ ᠺᠣᠮᠫᠠᠨᠢ ᠬᠠᠮᠲᠤᠪᠠᠷ ᠪᠡᠯᠡ ᠣᠷᠣᠭᠤᠯᠤᠨ᠂ ᠳ᠋ᠦᠩᠱᠧᠩ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠭᠡᠭᠡᠨ ᠤ ᠲᠥᠪ ᠤᠨ ᠰᠤᠯᠠ ᠪᠠᠶᠢᠭ᠎ᠠ ᠭᠡᠷ ᠪᠠᠶᠢᠰᠢᠩ ᠢ ᠥᠭᠡᠷᠡᠴᠢᠯᠠᠨ ᠵᠠᠰᠠᠵᠤ ᠪᠦᠲᠦᠭᠡᠨ ᠪᠠᠶᠢᠭᠤᠯᠵᠠᠢ᠃ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 19 ᠲᠦᠮᠡᠨ ᠲᠡᠭᠰᠢ ᠲᠦᠷᠪᠡᠯᠵᠢᠨ ᠮᠧᠲᠷ ᠪᠠᠶᠢᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠲᠤ ᠰᠢᠨᠵᠢᠯᠡᠬᠦ ᠤᠬᠠᠭᠠᠨ ᠤ ᠷᠢᠳᠢ ᠰᠢᠳᠢ ᠶᠢ ᠣᠶᠢᠷ᠎ᠠ ᠵᠠᠢ ᠠᠴᠠ ᠦᠢᠯᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠣᠶᠢᠯᠠᠭᠠᠬᠤ ᠴᠤᠩᠬᠤᠪᠴᠢ ᠬᠠᠩᠭᠠᠬᠤ ᠶᠢᠨ ᠬᠠᠮᠲᠤ ᠤᠯᠠᠨ ᠡᠰᠢᠴᠢᠯᠡᠭᠰᠡᠨ᠂ ᠰᠣᠨᠢᠷᠬᠠᠯ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠦᠷᠨᠢᠭᠦᠯᠬᠦ᠂ ᠲᠤᠷᠰᠢᠯᠲᠠ ᠬᠢᠬᠦ᠂ ᠰᠤᠳᠤᠯᠤᠨ ᠰᠤᠷᠤᠯᠴᠠᠬᠤ ᠰᠣᠯᠢᠯᠴᠠᠭ᠎ᠠ ᠬᠢᠬᠦ ᠪᠠᠷ ᠳᠠᠮᠵᠢᠭᠤᠯᠤᠨ ᠵᠠᠯᠠᠭᠤᠴᠤᠳ ᠪᠠᠭᠠᠴᠤᠳ ᠤᠨ ᠰᠢᠨ᠎ᠡ ᠶᠢ ᠡᠭᠦᠳᠬᠦ ᠰᠡᠳᠭᠢᠭᠦᠢ ᠵᠢᠴᠢ ᠰᠢᠨᠵᠢᠯᠡᠬᠦ ᠤᠬᠠᠭᠠᠨ ᠢ ᠰᠤᠷᠴᠤ ᠡᠵᠡᠮᠰᠢᠬᠦ ᠤᠷᠮ᠎ᠠ ᠪᠠᠬ᠎ᠠ ᠶᠢ ᠤᠯᠠᠮ ᠨᠢᠭᠡ ᠠᠯᠬᠤᠮ ᠬᠥᠭᠵᠢᠭᠡᠨ᠎ᠡ᠃ ᠲᠣᠰ ᠰᠠᠭᠤᠷᠢᠨ ᠭᠠᠵᠠᠷ ᠢ ᠡᠬᠢᠯᠡᠭᠦᠯᠦᠭᠰᠡᠨ ᠨᠢ ᠰᠢᠨᠵᠢᠯᠡᠬᠦ ᠤᠬᠠᠭᠠᠨᠴᠢ ᠰᠤᠷᠭᠠᠨ ᠬᠥᠮᠥᠵᠢᠯ ᠤᠨ ᠬᠡᠪ ᠵᠠᠬᠠᠪᠤᠷ ᠤᠨ ᠲᠤᠬᠠᠢ ᠰᠢᠨ᠎ᠡ ᠰᠦᠪᠡᠭᠴᠢᠯᠡᠯᠲᠠ ᠪᠣᠯᠬᠤ ᠪᠠᠷ ᠪᠠᠷᠠᠬᠤ ᠦᠭᠡᠢ ᠨᠡᠩ ᠴᠦ ᠳ᠋ᠦᠩᠱᠧᠩ ᠲᠣᠭᠤᠷᠢᠭ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠰᠤᠳᠤᠯᠤᠨ ᠰᠣᠷᠤᠯᠴᠠᠬᠤ ᠰᠠᠭᠤᠷᠢᠨ ᠭᠠᠵᠠᠷ ᠤᠨ ᠬᠤᠭᠤᠰᠤᠨ ᠢ ᠨᠥᠭᠦᠪᠥᠷᠢᠯᠡᠭᠰᠡᠨ ᠪᠠᠶᠢᠨ᠎ᠠ᠃
微信图片_20241203162045.jpg
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ