ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠲᠤ ᠡᠪᠦᠯ ᠤᠨ ᠤᠯᠠᠷᠢᠯ ᠤᠨ ᠵᠢᠭᠤᠯᠴᠢᠯᠠᠯ ᠵᠢᠴᠢ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/4
     12 ᠳ᠋ᠤᠭᠠᠷ ᠰᠠᠷ᠎ᠠ ᠶᠢᠨ 3᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠲᠤ ᠡᠪᠦᠯ ᠤᠨ ᠤᠯᠠᠷᠢᠯ ᠤᠨ ᠵᠢᠭᠤᠯᠴᠢᠯᠠᠯ ᠵᠢᠴᠢ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ      ᠳ᠋ᠦ᠋ ᠬᠤᠢ ᠯᠢᠶᠠᠩ ᠤᠷᠢᠳ ᠬᠤᠵᠢᠳ ᠵᠢᠦ ᠴᠧᠩ ᠬᠦᠩ ᠤᠨ ᠮᠥᠰᠥ ᠴᠠᠰᠤᠨ ᠤ ᠶᠢᠷᠲᠢᠨᠴᠦ᠂ ᠣᠷᠳᠣᠰ ᠤᠨ ᠰᠣᠶᠣᠯ ᠵᠢᠭᠤᠯᠴᠢᠯᠠᠯ ᠤᠨ ᠲᠣᠮᠣ ᠠᠰᠠᠷ᠂ ᠣᠷᠳᠣᠰ ᠤᠨ ᠬᠡᠭᠡᠷ᠎ᠡ ᠶᠢᠨ ᠠᠮᠢᠳᠠᠨ ᠤ ᠬᠦᠷᠢᠶᠡᠯᠡᠩ᠂ ᠣᠷᠳᠣᠰ ᠤᠨ ᠬᠦᠷᠡᠯ ᠪᠠᠭᠠᠵᠢ ᠶᠢᠨ ᠮᠦᠽᠧᠢ ᠳᠤ ᠬᠦᠷᠴᠦ᠂ ᠵᠤᠭᠠᠴᠠᠭᠰᠠᠳ ᠤᠨ ᠵᠤᠭᠠᠴᠠᠨ ᠨᠠᠭᠠᠳᠤᠭᠰᠠᠨ ᠲᠥᠷᠥᠭᠳᠡᠯ ᠢ ᠠᠰᠠᠭᠤᠨ ᠯᠠᠪᠯᠠᠵᠤ᠂ ᠦᠵᠡᠮᠵᠢ ᠶᠢᠨ ᠣᠷᠣᠨ ᠤ ᠡᠵᠡᠩᠨᠡᠯᠲᠡ᠂ ᠠᠵᠢᠯᠯᠠᠭ᠎ᠠ ᠶᠢᠨ ᠲᠥᠰᠥᠪᠯᠡᠯ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃      ᠳ᠋ᠦ᠋ ᠬᠤᠢ ᠯᠢᠶᠠᠩ᠂ ︽ᠮᠥᠰᠥ ᠴᠠᠰᠤᠨ ᠤ ᠵᠤᠭᠠᠴᠠᠯ︾᠎ ᠤᠨ ᠠᠯᠲᠠᠨ ᠬᠤᠭᠤᠴᠠᠭ᠎ᠠ ᠶᠢ ᠠᠮᠵᠢᠵᠤ᠂ ᠰᠠᠭᠤᠷᠢ ᠲᠥᠬᠦᠭᠡᠷᠦᠮᠵᠢ ᠪᠣᠯᠣᠨ ᠢᠵᠢ ᠪᠦᠷᠢᠳᠦᠭᠰᠡᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠨᠢᠭᠡ ᠪᠦᠯᠦᠭ ᠴᠠᠰᠤ ᠰᠣᠨᠢᠷᠬᠠᠬᠤ᠂ ᠴᠠᠰᠤ ᠲᠣᠭᠯᠠᠬᠤ᠂ ᠴᠠᠰᠤᠨ ᠳᠤ ᠭᠤᠯᠭᠤᠬᠤ ᠮᠡᠲᠦ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠠᠷᠢᠨ ᠨᠢᠮᠪᠠᠢ ᠤᠬᠠᠭᠠᠯᠠᠨ ᠲᠥᠰᠥᠪᠯᠡᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠥᠭᠵᠢᠯ ᠴᠡᠴᠡᠭᠯᠡᠯ ᠢ ᠠᠬᠢᠭᠤᠯᠬᠤ ᠬᠡᠷᠡᠭᠲᠡᠢ᠃ ᠣᠷᠤᠯᠴᠠᠭ᠎ᠠ ᠲᠤᠷᠰᠢᠯᠴᠠᠭ᠎ᠠ ᠶᠢᠨ ᠰᠢᠨ᠎ᠡ ᠶᠢ ᠡᠭᠦᠳᠴᠦ᠂ ᠪᠣᠳᠠᠲᠤ ᠠᠬᠤᠶᠢᠴᠢᠯᠠᠭᠰᠠᠨ ᠮᠠᠶ᠋ᠢᠭ ᠤᠨ᠂ ᠰᠢᠪᠲᠤᠯᠬᠤ ᠮᠠᠶ᠋ᠢᠭ ᠤᠨ ᠵᠢᠭᠤᠯᠴᠢᠯᠠᠯ ᠤᠨ ᠠᠬᠤᠢ ᠦᠵᠡᠭᠳᠡᠯ ᠢ ᠡᠭᠦᠳᠴᠦ᠂ ᠠᠶᠠᠯᠠᠯ ᠵᠢᠭᠤᠯᠴᠢᠯᠠᠯ ᠤᠨ ᠠᠬᠤᠢ ᠦᠵᠡᠭᠳᠡᠯᠲᠦ ᠡᠮᠦᠰᠭᠡᠯ ᠵᠡᠭᠦᠭᠡᠯ ᠤᠨ ᠰᠡᠭᠦᠳᠡᠷ ᠲᠠᠲᠠᠬᠤ᠂ ᠭᠡᠷ ᠪᠦᠯᠢ ᠶᠢᠨ ᠰᠤᠳᠤᠯᠤᠨ ᠰᠤᠷᠤᠯᠴᠠᠯᠭ᠎ᠠ᠂ ᠡᠷᠡᠭᠦᠯᠵᠢᠯ ᠰᠣᠪᠢᠯᠠᠯᠲᠠ ᠶᠢᠨ ᠵᠤᠭᠠᠴᠠᠨ ᠰᠠᠭᠤᠬᠤ ᠵᠡᠷᠭᠡ ᠣᠨᠴᠠᠯᠢᠭᠲᠤ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠵᠤᠭᠠᠴᠠᠭᠰᠠᠳ ᠤᠨ ᠣᠷᠣᠯᠴᠠᠬᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ᠃ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠵᠡᠮᠵᠢ ᠶᠢᠨ ᠣᠷᠣᠨ ᠤ ᠬᠤᠯᠪᠣᠯᠴᠠᠭ᠎ᠠ ᠶᠢ ᠴᠢᠩᠭᠠᠳᠬᠠᠵᠤ᠂ ᠵᠢᠭᠤᠯᠴᠢᠯᠠᠯ ᠤᠨ ᠢᠵᠢ ᠪᠢᠯᠧᠲ ᠭᠠᠷᠭᠠᠬᠤ ᠬᠡᠷᠡᠭᠲᠡᠢ︔ ᠠᠷᠠᠯᠵᠢᠶᠠᠴᠢᠨ ᠤ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠪᠥᠬᠦ ᠬᠡᠯᠬᠢᠶ᠎ᠡ ᠶᠢᠨ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠬᠦ ᠬᠡᠷᠡᠭᠲᠡᠢ᠃ ᠡᠮᠬᠢ ᠳᠢᠭᠯᠢᠮ ᠤᠨ ᠬᠥᠲᠥᠯᠥᠨ ᠵᠢᠯᠣᠭᠤᠳᠤᠯᠭ᠎ᠠ᠂ ᠵᠤᠭ᠎ᠠ ᠴᠡᠩᠭᠡᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠪᠠᠶᠢᠴᠠᠭᠠᠯᠲᠠ ᠵᠡᠷᠭᠡ ᠠᠵᠢᠯ ᠢ ᠰᠠᠶᠢᠲᠤᠷ ᠬᠢᠵᠦ᠂ ᠵᠢᠭᠤᠯᠴᠢᠯᠠᠯ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠵᠤ᠂ ᠠᠩᠬᠠᠷᠤᠯ ᠢ ᠲᠠᠲᠠᠬᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠣᠷᠳᠣᠰ ᠤᠨ ᠡᠯᠧᠮᠧᠨ᠋ᠲ ᠤᠨ ᠲᠣᠭᠤᠷᠢᠨ ᠳᠤ ᠰᠣᠶᠣᠯ ᠤᠨ ᠡᠭᠦᠳᠦᠯᠲᠡ ᠶᠢᠨ IP᠎ ᠶᠢ ᠡᠭᠦᠳᠴᠦ᠂ ︽ᠬᠤᠲᠠ ᠶᠢᠨ ᠪᠡᠯᠡᠭ︾᠎ ᠢ ᠵᠢᠷᠤᠭᠯᠠᠨ ᠲᠥᠯᠥᠪᠯᠡᠵᠦ᠂ ᠳᠤᠯᠠᠭᠠᠨ ᠬᠤᠲᠠ ᠶᠢᠨ ︽ᠳᠤᠯᠠᠭᠠᠨ︾᠎ ᠢ ᠨᠠᠩ ᠥᠷᠭᠡᠨ ᠣᠯᠠᠨ ᠬᠥᠮᠥᠰ ᠲᠤ ᠮᠡᠳᠡᠷᠡᠭᠦᠯᠬᠦ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠬᠤᠸᠠᠩ ᠶᠠᠨ ᠵᠠᠩ ᠣᠷᠤᠯᠴᠠᠪᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ