ᠬᠢᠶ᠎ᠡ ᠪᠠᠭᠰᠢ ᠲᠣᠭᠤᠷᠢᠭ ᠬᠤᠶᠠᠳᠤᠭᠠᠷ ᠲᠤ ᠣᠷᠣᠪᠠ︕
ᠨᠡᠶᠢᠲᠡᠯᠡᠭᠰᠡᠨ ᠴᠠᠭ᠄
2024/12/4
     12 ᠰᠠᠷ᠎ᠠ ᠶᠢᠨ 2᠎ ᠤᠨ ᠡᠳᠤᠷ ᠤᠨ ᠦᠳᠡ ᠶᠢᠨ ᠡᠮᠤᠨ᠎ᠡ ︽ᠳᠤᠮᠳᠠᠳᠤ ᠤᠯᠤᠰ ᠤᠨ ᠰᠠᠭᠤᠷᠢ ᠰᠤᠷᠭᠠᠨ ᠬᠦᠮᠤᠵᠢᠯ ᠤᠨ ᠴᠢᠨᠠᠷ ᠰᠠᠶᠢᠲᠠᠢ ᠬᠦᠭᠵᠢᠯᠲᠠ ᠶᠢᠨ ᠵᠢᠭᠠᠯᠲᠠ ᠲᠤᠭ᠎ᠠ ᠶᠢᠨ ᠮᠡᠳᠡᠭᠦᠯᠦᠯᠲᠡ ︵2024︶︾ ᠎ ᠶᠢ 2024 ᠠᠵᠤ ᠠᠬᠤᠶᠢᠯᠠᠯᠲᠠᠨ ᠤ ᠪᠦᠸᠧ ᠣᠤ ᠶᠠᠷᠢᠶᠠᠨ ᠤ ᠲᠠᠪᠴᠠᠩ ᠳᠤ ᠵᠢᠩᠬᠢᠨᠢ ᠪᠠᠷ ᠨᠡᠶᠢᠲᠡᠯᠡᠪᠠ ᠃ ᠬᠢᠶ᠎ᠡ ᠪᠠᠭᠰᠢ ᠲᠣᠭᠤᠷᠢᠭ ᠪᠦᠬᠦ ᠤᠯᠤᠰ ᠤᠨ 19 ᠵᠢᠱᠢᠶ᠎ᠠ ᠦᠵᠡᠭᠦᠯᠬᠦ ᠭᠠᠵᠠᠷ ᠣᠷᠣᠨ ᠤ ᠳᠣᠲᠣᠷ᠎ᠠ ᠠᠴᠠ ᠴᠤᠯᠭᠤᠷᠠᠨ ᠭᠠᠷᠴᠤ᠂ ᠶᠡᠷᠤᠩᠬᠡᠢ ᠵᠢᠭᠠᠯᠲᠠ ᠲᠤᠭ᠎ᠠ 93.14᠎ ᠶᠢᠨ ᠰᠢᠯᠢᠳᠡᠭ ᠬᠢᠷᠢ ᠪᠦᠲᠣᠮᠵᠢ ᠪᠠᠷ ᠬᠤᠶᠠᠳᠤᠭᠠᠷ ᠲᠤ ᠣᠷᠣᠵᠤ᠂ ᠬᠦᠴᠦᠷᠬᠡᠭ ᠶᠡᠭᠡ ᠰᠤᠷᠭᠠᠨ ᠬᠥᠮᠤᠵᠢᠯ ᠤᠨ ᠬᠥᠭᠵᠢᠯᠲᠠ ᠶᠢᠨ ᠪᠣᠳᠠᠲᠤ ᠬᠦᠴᠣᠨ ᠢ ᠢᠯᠡᠷᠡᠭᠦᠯᠵᠦ᠂ ᠰᠤᠷᠭᠠᠨ ᠬᠦᠮᠦᠵᠢᠯ ᠤᠨ ᠬᠥᠭᠵᠢᠯᠲᠡ ᠶᠢᠨ ᠵᠠᠭᠪᠤᠷ ᠪᠠ ᠦᠷ᠎ᠡ ᠪᠦᠲᠦᠭᠡᠯ ᠨᠢ ᠤᠯᠠᠨ ᠤ ᠠᠩᠬᠠᠷᠤᠯ ᠢ ᠦᠷᠭᠡᠨ ᠢᠶᠠᠷ ᠲᠠᠲᠠᠭᠰᠠᠨ ᠪᠠᠶᠢᠨ᠎ᠠ᠃      ᠵᠢᠭᠠᠯᠲᠠ ᠲᠤᠭ᠎ᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ 19 ᠵᠢᠱᠢᠶ᠎ᠡ ᠦᠵᠡᠭᠦᠯᠬᠦ ᠲᠤᠭᠤᠷᠢᠭ ᠰᠢᠶᠠᠨ ᠢ ᠪᠦᠭᠦᠯᠢ ᠴᠤᠭᠴᠠ ᠪᠠᠷ ᠨᠢ ︽ᠬᠤᠰᠢᠭᠤᠴᠢ ᠲᠡᠰ︾ ︽ᠳᠠᠪᠠᠭᠤᠯᠢᠭ ᠲᠡᠰ︾ ᠪᠠ ︽ᠲᠤᠯᠭᠠᠭᠤᠷ ᠳᠡᠰ︾ ᠭᠡᠵᠦ ᠭᠤᠷᠪᠠᠨ ᠳᠡᠰ ᠢᠶᠠᠷ ᠱᠠᠲᠤᠯᠠᠭᠰᠠᠨ ᠪᠠᠶᠢᠨ᠎ᠠ᠃ ᠡᠭᠦᠨ ᠳᠤ ︽ᠬᠤᠰᠢᠭᠤᠴᠢ ᠲᠡᠰ︾᠎ ᠲᠤ ᠪᠡᠭᠡᠵᠢᠩ ᠬᠤᠲᠠ ᠶᠢᠨ ᠴᠤᠤᠶᠠᠩ ᠲᠣᠭᠤᠷᠢᠭ᠂ ᠤᠷᠳᠤᠰ ᠬᠤᠲᠠ ᠶᠢᠨ ᠬᠢᠶ᠎ᠡ ᠪᠠᠭᠰᠢ ᠲᠣᠭᠤᠷᠢᠭ᠂ ᠬᠠᠩᠵᠸᠤ ᠬᠤᠲᠠ ᠶᠢᠨ ᠰᠢ ᠬᠤ᠋ ᠲᠣᠭᠤᠷᠢᠭ᠂ ᠱᠧᠠᠵᠸᠠ ᠬᠤᠲᠠ ᠶᠢᠨ ᠭᠤᠸᠠᠩ ᠮᠢᠩ ᠲᠣᠭᠤᠷᠢᠭ᠂ ᠨᠠᠨᠵᠢᠩ ᠬᠤᠲᠠ ᠶᠢᠨ ᠢᠦᠢ ᠬᠤᠸᠠ ᠲᠠᠢ ᠲᠣᠭᠤᠷᠢᠭ ᠵᠡᠷᠭᠡ 5 ᠲᠣᠭᠤᠷᠢᠭ ᠣᠷᠣᠭᠰᠠᠨ ᠪᠠᠶᠢᠨ᠎ᠠ᠃     ᠰᠤᠷᠭᠠᠨ ᠬᠥᠮᠤᠵᠢᠯ ᠤᠨ ᠬᠥᠭᠵᠢᠯᠲᠠ ᠶᠢᠨ ᠡᠷᠭᠡ ᠲᠡᠭᠰᠢ ᠵᠢᠭᠠᠯᠲᠠ ᠲᠤᠭ᠎ᠠ ᠶᠢᠨ ᠲᠠᠯ᠎ᠠ ᠪᠠᠷ᠂ ᠬᠢᠶ᠎ᠡ ᠪᠠᠭᠰᠢ ᠲᠣᠭᠤᠷᠢᠭ ᠳᠠᠪᠠᠭᠤᠯᠢᠭ ᠢᠯᠡᠷᠡᠯ ᠲᠠᠢ ᠪᠠᠶᠢᠵᠤ ᠂ 100 ᠬᠤᠪᠢ ᠶᠢᠨ ᠦᠨᠳᠤᠷ ᠪᠦᠲᠣᠮᠵᠢ ᠪᠠᠷ ᠲᠠᠷᠢᠭᠦᠨ ᠳᠤ ᠵᠢᠭᠰᠠᠭᠠᠭᠳᠠᠪᠠ᠃     ᠰᠤᠷᠭᠠᠭᠤᠯᠢ ᠶᠢᠨ ᠨᠠᠰᠤᠨ ᠠᠴᠠ ᠡᠮᠣᠨᠠᠬᠢ ᠰᠤᠷᠭᠠᠨ ᠬᠦᠮᠤᠵᠢᠯ ᠤᠨ ᠲᠠᠯ᠎ᠠ ᠪᠠᠷ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠠᠩᠬᠠᠨ ᠤ ᠪᠦᠯᠦᠭ ︽ᠬᠡᠤᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠰᠤᠷᠭᠠᠨ ᠬᠦᠮᠥᠵᠢᠯ ᠤᠨ ᠶᠠᠰᠤ ᠴᠢᠨᠠᠷ ᠢ ᠲᠡᠭᠡᠭᠰᠢᠯᠡᠭᠦᠯᠬᠦ ᠰᠤᠷᠭᠠᠨ ᠬᠥᠮᠤᠵᠢᠯ ᠤᠨ ᠶᠠᠮᠤᠨ ᠤ ᠲᠤᠷᠰᠢᠯᠲᠡ ᠶᠢᠨ ᠲᠣᠭᠤᠷᠢᠭ︾ ᠪᠠ ︽ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠭᠠᠭᠤᠯᠢ ᠶᠢᠨ ᠨᠠᠰᠤᠨ ᠠᠴᠠ ᠡᠮᠦᠨᠠᠬᠢ ᠰᠤᠷᠭᠠᠨ ᠬᠥᠮᠤᠵᠢᠯ ᠤᠨ ᠪᠠᠲᠤᠯᠠᠭ᠎ᠠ ᠶᠢᠨ ᠲᠣᠭᠲᠠᠴᠠ ᠶᠢᠨ ᠲᠤᠷᠰᠢᠯᠲᠠ ᠶᠢᠨ ᠲᠣᠭᠤᠷᠢᠭ︾᠎ ᠢᠶᠠᠷ ᠰᠤᠩᠭᠤᠭᠳᠠᠭᠰᠠᠨ ᠴᠤᠷ ᠤᠨ ᠭᠠᠭᠴᠠ ᠲᠣᠭᠤᠷᠢᠭ ᠰᠢᠶᠠᠨ ᠪᠣᠯᠣᠭᠰᠠᠨ ᠤ ᠬᠤᠪᠢ ᠳᠤ᠂ ᠬᠢᠶ᠎ᠡ ᠪᠠᠭᠰᠢ ᠲᠣᠭᠤᠷᠢᠭ ᠰᠤᠷᠭᠠᠭᠤᠯᠢ ᠶᠢᠨ ᠨᠠᠰᠤᠨ ᠠᠴᠠ ᠡᠮᠦᠨᠠᠬᠢ ᠰᠤᠷᠭᠠᠨ ᠬᠦᠮᠥᠵᠢᠯ ᠢ ᠲᠦᠭᠡᠮᠡᠯᠵᠢᠭᠦᠯᠬᠦ ᠶᠢ ᠶᠡᠭᠡ ᠪᠠᠷ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠤᠬᠡᠳ ᠤᠨ ᠡᠵᠡᠯᠡᠬᠦ ᠬᠠᠷᠢᠴᠠᠯ 87%᠎ ᠳᠤ ᠬᠦᠷᠴᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠤᠬᠡᠳ ᠤᠨ ᠴᠡᠴᠡᠷᠯᠢᠭ ᠤᠨ ᠪᠦᠷᠭᠦᠴᠡ ᠶᠢᠨ ᠨᠣᠷᠮ᠎ᠠ 94% ᠬᠦᠷᠴᠦ᠂ ᠰᠤᠷᠭᠠᠭᠤᠯᠢ ᠶᠢᠨ ᠨᠠᠰᠤᠨ ᠠᠴᠠ ᠡᠮᠦᠨᠠᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ ᠨᠢ 106%᠎ ᠳᠤ ᠬᠦᠷᠴᠤ᠂ ᠤᠯᠠᠨ ᠲᠦᠮᠡᠨ ᠤ ᠬᠡᠣᠬᠡᠳ ᠢᠶᠠᠨ ᠪᠦᠷ ᠴᠡᠴᠠᠡᠷᠯᠢᠭ ᠲᠤ ᠬᠦᠷᠭᠡᠵᠦ ᠪᠣᠶᠢᠵᠢᠭᠤᠯᠬᠤ ᠭᠠᠵᠠᠷ ᠲᠠᠢ ᠪᠣᠯᠬᠤ ᠰᠠᠶᠢᠨ ᠰᠠᠶᠢᠬᠠᠨ ᠬᠦᠰᠡᠯ ᠡᠷᠡᠮᠡᠯᠵᠠᠯ ᠢ ᠪᠥᠬᠦ ᠲᠠᠯ᠎ᠠ ᠪᠠᠷ ᠬᠠᠩᠭᠠᠭᠰᠠᠨ ᠪᠠᠶᠢᠨ᠎ᠠ᠃     ᠰᠤᠷᠭᠠᠨ ᠬᠥᠮᠤᠵᠢᠯ ᠤᠨ ᠬᠥᠭᠵᠢᠯᠲᠠ ᠶᠢᠨ ᠰᠢᠨ᠎ᠡ ᠶᠢ ᠡᠭᠦᠳᠬᠦ ᠵᠢᠭᠠᠯᠲᠠ ᠲᠤᠭ᠎ᠠ ᠶᠢᠨ ᠲᠠᠯ᠎ᠠ ᠪᠠᠷ᠂ ᠬᠢᠶ᠎ᠡ ᠪᠠᠭᠰᠢ ᠲᠣᠭᠤᠷᠢᠭ ᠮᠥᠨ ᠬᠦ ᠭᠠᠷᠮᠠᠭᠠᠢ ᠢᠯᠡᠷᠡᠯ ᠎ ᠲᠠᠢ ᠪᠠᠶᠢᠵᠤ᠂ 97.26 ᠬᠤᠪᠢ ᠪᠠᠷ ᠪᠥᠬᠦ ᠤᠯᠤᠰ ᠤᠨ ᠬᠤᠶᠠᠳᠤᠭᠠᠷ ᠲᠤ ᠵᠢᠭᠰᠠᠭᠠᠭᠳᠠᠪᠠ᠃     ᠰᠤᠷᠭᠠᠨ ᠬᠦᠮᠥᠵᠢᠯ ᠤᠨ ᠬᠥᠭᠵᠢᠯᠲᠡ ᠶᠢᠨ ᠬᠡᠪᠴᠢᠶᠡᠵᠢᠯ ᠤᠨ ᠵᠢᠭᠠᠯᠲᠡ ᠲᠤᠭ᠎ᠠ ᠶᠢᠨ ᠬᠦᠷᠢᠶᠡᠨ ᠳᠤ᠂ ᠬᠢᠶ᠎ᠡ ᠪᠠᠭᠰᠢ ᠲᠣᠭᠤᠷᠢᠭ 91.01 ᠬᠤᠪᠢ ᠶᠢᠨ ᠬᠢᠷᠢ ᠪᠦᠲᠦᠮᠵᠢ ᠪᠠᠷ ᠳᠥᠷᠪᠡᠳᠦᠭᠡᠷ ᠲᠤ ᠣᠷᠤᠪᠠ᠃     ᠰᠤᠷᠭᠠᠨ ᠬᠦᠮᠤᠵᠢᠯ ᠤᠨ ᠬᠥᠭᠵᠢᠯᠲᠡ ᠶᠢᠨ ᠶᠠᠰᠤ ᠴᠢᠨᠠᠷ ᠤᠨ ᠵᠢᠭᠠᠯᠲᠠ ᠲᠤᠭ᠎ᠠ ᠶᠢᠨ ᠲᠠᠯ᠎ᠠ ᠪᠠᠷ᠂ ᠬᠢᠶ᠎ᠡ ᠪᠠᠭᠰᠢ ᠲᠣᠭᠤᠷᠢᠭ 90.39 ᠬᠤᠪᠢ ᠶᠢᠨ ᠬᠢᠷᠢ ᠪᠦᠲᠣᠮᠵᠢ ᠪᠠᠷ ᠳᠥᠷᠪᠡᠳᠦᠭᠡᠷ ᠲᠤ ᠣᠷᠣᠪᠡ᠃ ᠵᠢᠯ ᠪᠦᠷᠢ ᠪᠠᠷᠤᠭ 300 ᠰᠢᠯᠢᠳᠡᠭ ᠪᠠᠭᠰᠢ ᠶᠢ ᠡᠯᠰᠡᠵᠦ ᠪᠠᠭᠰᠢ ᠶᠢᠨ ᠡᠩᠨᠡᠭᠡ ᠪᠠᠨ ᠲᠡᠭᠦᠯᠳᠡᠷᠵᠢᠭᠦᠯᠦᠨ᠂ ︽ᠨᠠᠷᠠᠨ ᠬᠡᠷᠡᠯ︾᠎ ᠤᠨ ᠰᠣᠷᠤᠭᠴᠢ ᠡᠯᠰᠡᠬᠦ ᠲᠦᠷᠤ ᠶᠢᠨ ᠪᠤᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭ᠎ᠠ ᠰᠤᠷᠭᠠᠭᠤᠯᠢ ᠶᠢᠨ ᠠᠩᠬᠢ ᠶᠢᠨ ᠬᠥᠮᠤᠨ ᠤ ᠲᠤᠭ᠎ᠠ ᠶᠢ 45 ᠬᠦᠮᠥᠨ ᠤ ᠳᠣᠲᠣᠷ᠎ᠠ ᠨᠠᠷᠢᠯᠢᠭ ᠣᠨᠣᠪᠴᠢᠲᠠᠢ ᠪᠠᠷ ᠬᠢᠵᠠᠭᠠᠷᠯᠠᠵᠤ᠂ ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ ᠶᠢᠨ ᠠᠩᠭᠢ ᠶᠢᠨ ᠬᠦᠮᠤᠨ ᠤ ᠲᠤᠭ᠎ᠠ ᠶᠢ 50 ᠬᠦᠮᠤᠨ ᠠᠴᠠ ᠬᠡᠲᠦᠷᠡᠭᠦᠯᠬᠦ ᠦᠭᠡᠢ ᠶᠢ ᠪᠠᠲᠦᠯᠡᠪᠠ᠃     ᠰᠤᠷᠭᠠᠨ ᠬᠦᠮᠤᠵᠢᠯ ᠤᠨ ᠬᠥᠭᠵᠢᠯᠲᠡ ᠶᠢᠨ ᠦᠷ᠎ᠡ ᠠᠰᠢᠭ ᠤᠨ ᠵᠢᠭᠠᠯᠲᠠ ᠲᠤᠭ᠎ᠠ ᠶᠢᠨ ᠲᠠᠯ᠎ᠠ ᠪᠠᠷ ᠬᠢᠶ᠎ᠡ ᠪᠠᠭᠰᠢ ᠲᠣᠭᠤᠷᠢᠭ ᠭᠤᠷᠪᠠᠳᠤᠭᠠᠷ ᠲᠤ ᠣᠷᠣᠪᠠ᠃ ᠬᠢᠶ᠎ᠡ ᠪᠠᠭᠰᠢ ᠲᠣᠭᠤᠷᠢᠭ ᠰᠤᠷᠭᠠᠨ ᠬᠦᠮᠤᠵᠢᠯ ᠤᠨ ᠪᠡᠯᠡ ᠤᠷᠣᠭᠤᠯᠤᠯᠲᠠ ᠶᠢᠨ ᠲᠠᠯ᠎ᠠ ᠪᠠᠷ ᠨᠡᠯᠢᠶᠠᠳ ᠶᠡᠭᠡ ᠡᠷᠴᠢᠮ ᠲᠠᠢ ᠪᠠᠶᠢᠵᠤ᠂ ᠵᠢᠯ ᠪᠦᠷᠢ ᠶᠢᠨ ᠰᠤᠷᠭᠠᠨ ᠬᠦᠮᠤᠵᠢᠯ ᠤᠨ ᠪᠡᠯᠡ ᠣᠷᠤᠭᠤᠯᠤᠯᠲᠠ ᠨᠢ ᠭᠠᠵᠠᠷ ᠣᠷᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ 25%᠎ ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ