ᠬᠢᠶ᠎ᠡ ᠪᠠᠭᠰᠢ ᠲᠣᠭᠤᠷᠢᠭ ᠬᠤᠶᠠᠳᠤᠭᠠᠷ ᠲᠤ ᠣᠷᠣᠪᠠ︕
ᠨᠡᠶᠢᠲᠡᠯᠡᠭᠰᠡᠨ ᠴᠠᠭ᠄
2024/12/4
     12 ᠰᠠᠷ᠎ᠠ ᠶᠢᠨ 2 ᠤᠨ ᠡᠳᠤᠷ ᠤᠨ ᠦᠳᠡ ᠶᠢᠨ ᠡᠮᠤᠨ᠎ᠡ ︽ᠳᠤᠮᠳᠠᠳᠤ ᠤᠯᠤᠰ ᠤᠨ ᠰᠠᠭᠤᠷᠢ ᠰᠤᠷᠭᠠᠨ ᠬᠦᠮᠤᠵᠢᠯ ᠤᠨ ᠴᠢᠨᠠᠷ ᠰᠠᠶᠢᠲᠠᠢ ᠬᠦᠭᠵᠢᠯᠲᠠ ᠶᠢᠨ ᠵᠢᠭᠠᠯᠲᠠ ᠲᠤᠭ᠎ᠠ ᠶᠢᠨ ᠮᠡᠳᠡᠭᠦᠯᠦᠯᠲᠡ ︵2024︶︾  ᠶᠢ 2024 ᠠᠵᠤ ᠠᠬᠤᠶᠢᠯᠠᠯᠲᠠᠨ ᠤ ᠪᠦᠸᠧ ᠣᠤ ᠶᠠᠷᠢᠶᠠᠨ ᠤ ᠲᠠᠪᠴᠠᠩ ᠳᠤ ᠵᠢᠩᠬᠢᠨᠢ ᠪᠠᠷ ᠨᠡᠶᠢᠲᠡᠯᠡᠪᠠ ᠃ ᠬᠢᠶ᠎ᠡ ᠪᠠᠭᠰᠢ ᠲᠣᠭᠤᠷᠢᠭ ᠪᠦᠬᠦ ᠤᠯᠤᠰ ᠤᠨ 19 ᠵᠢᠱᠢᠶ᠎ᠠ ᠦᠵᠡᠭᠦᠯᠬᠦ ᠭᠠᠵᠠᠷ ᠣᠷᠣᠨ ᠤ ᠳᠣᠲᠣᠷ᠎ᠠ ᠠᠴᠠ ᠴᠤᠯᠭᠤᠷᠠᠨ ᠭᠠᠷᠴᠤ᠂ ᠶᠡᠷᠤᠩᠬᠡᠢ ᠵᠢᠭᠠᠯᠲᠠ ᠲᠤᠭ᠎ᠠ 93.14 ᠶᠢᠨ ᠰᠢᠯᠢᠳᠡᠭ ᠬᠢᠷᠢ ᠪᠦᠲᠣᠮᠵᠢ ᠪᠠᠷ ᠬᠤᠶᠠᠳᠤᠭᠠᠷ ᠲᠤ ᠣᠷᠣᠵᠤ᠂ ᠬᠦᠴᠦᠷᠬᠡᠭ ᠶᠡᠭᠡ ᠰᠤᠷᠭᠠᠨ ᠬᠥᠮᠤᠵᠢᠯ ᠤᠨ ᠬᠥᠭᠵᠢᠯᠲᠠ ᠶᠢᠨ ᠪᠣᠳᠠᠲᠤ ᠬᠦᠴᠣᠨ ᠢ ᠢᠯᠡᠷᠡᠭᠦᠯᠵᠦ᠂ ᠰᠤᠷᠭᠠᠨ ᠬᠦᠮᠦᠵᠢᠯ ᠤᠨ ᠬᠥᠭᠵᠢᠯᠲᠡ ᠶᠢᠨ ᠵᠠᠭᠪᠤᠷ ᠪᠠ ᠦᠷ᠎ᠡ ᠪᠦᠲᠦᠭᠡᠯ ᠨᠢ ᠤᠯᠠᠨ ᠤ ᠠᠩᠬᠠᠷᠤᠯ ᠢ ᠦᠷᠭᠡᠨ ᠢᠶᠠᠷ ᠲᠠᠲᠠᠭᠰᠠᠨ ᠪᠠᠶᠢᠨ᠎ᠠ᠃      ᠵᠢᠭᠠᠯᠲᠠ ᠲᠤᠭ᠎ᠠ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ 19 ᠵᠢᠱᠢᠶ᠎ᠡ ᠦᠵᠡᠭᠦᠯᠬᠦ ᠲᠤᠭᠤᠷᠢᠭ ᠰᠢᠶᠠᠨ ᠢ ᠪᠦᠭᠦᠯᠢ ᠴᠤᠭᠴᠠ ᠪᠠᠷ ᠨᠢ ︽ᠬᠤᠰᠢᠭᠤᠴᠢ ᠲᠡᠰ︾ ︽ᠳᠠᠪᠠᠭᠤᠯᠢᠭ ᠲᠡᠰ︾ ᠪᠠ ︽ᠲᠤᠯᠭᠠᠭᠤᠷ ᠳᠡᠰ︾ ᠭᠡᠵᠦ ᠭᠤᠷᠪᠠᠨ ᠳᠡᠰ ᠢᠶᠠᠷ ᠱᠠᠲᠤᠯᠠᠭᠰᠠᠨ ᠪᠠᠶᠢᠨ᠎ᠠ᠃ ᠡᠭᠦᠨ ᠳᠤ ︽ᠬᠤᠰᠢᠭᠤᠴᠢ ᠲᠡᠰ︾ ᠲᠤ ᠪᠡᠭᠡᠵᠢᠩ ᠬᠤᠲᠠ ᠶᠢᠨ ᠴᠤᠤᠶᠠᠩ ᠲᠣᠭᠤᠷᠢᠭ᠂ ᠤᠷᠳᠤᠰ ᠬᠤᠲᠠ ᠶᠢᠨ ᠬᠢᠶ᠎ᠡ ᠪᠠᠭᠰᠢ ᠲᠣᠭᠤᠷᠢᠭ᠂ ᠬᠠᠩᠵᠸᠤ ᠬᠤᠲᠠ ᠶᠢᠨ ᠰᠢ ᠬᠤ᠋ ᠲᠣᠭᠤᠷᠢᠭ᠂ ᠱᠧᠠᠵᠸᠠ ᠬᠤᠲᠠ ᠶᠢᠨ ᠭᠤᠸᠠᠩ ᠮᠢᠩ ᠲᠣᠭᠤᠷᠢᠭ᠂ ᠨᠠᠨᠵᠢᠩ ᠬᠤᠲᠠ ᠶᠢᠨ ᠢᠦᠢ ᠬᠤᠸᠠ ᠲᠠᠢ ᠲᠣᠭᠤᠷᠢᠭ ᠵᠡᠷᠭᠡ 5 ᠲᠣᠭᠤᠷᠢᠭ ᠣᠷᠣᠭᠰᠠᠨ ᠪᠠᠶᠢᠨ᠎ᠠ᠃     ᠰᠤᠷᠭᠠᠨ ᠬᠥᠮᠤᠵᠢᠯ ᠤᠨ ᠬᠥᠭᠵᠢᠯᠲᠠ ᠶᠢᠨ ᠡᠷᠭᠡ ᠲᠡᠭᠰᠢ ᠵᠢᠭᠠᠯᠲᠠ ᠲᠤᠭ᠎ᠠ ᠶᠢᠨ ᠲᠠᠯ᠎ᠠ ᠪᠠᠷ᠂ ᠬᠢᠶ᠎ᠡ ᠪᠠᠭᠰᠢ ᠲᠣᠭᠤᠷᠢᠭ ᠳᠠᠪᠠᠭᠤᠯᠢᠭ ᠢᠯᠡᠷᠡᠯ ᠲᠠᠢ ᠪᠠᠶᠢᠵᠤ ᠂ 100 ᠬᠤᠪᠢ ᠶᠢᠨ ᠦᠨᠳᠤᠷ ᠪᠦᠲᠣᠮᠵᠢ ᠪᠠᠷ ᠲᠠᠷᠢᠭᠦᠨ ᠳᠤ ᠵᠢᠭᠰᠠᠭᠠᠭᠳᠠᠪᠠ᠃     ᠰᠤᠷᠭᠠᠭᠤᠯᠢ ᠶᠢᠨ ᠨᠠᠰᠤᠨ ᠠᠴᠠ ᠡᠮᠣᠨᠠᠬᠢ ᠰᠤᠷᠭᠠᠨ ᠬᠦᠮᠤᠵᠢᠯ ᠤᠨ ᠲᠠᠯ᠎ᠠ ᠪᠠᠷ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠠᠩᠬᠠᠨ ᠤ ᠪᠦᠯᠦᠭ ︽ᠬᠡᠤᠬᠡᠳ ᠤᠨ ᠴᠡᠴᠡᠷᠯᠢᠭ ᠤᠨ ᠠᠰᠠᠷᠠᠨ ᠬᠥᠮᠥᠵᠢᠭᠦᠯᠬᠦ ᠰᠤᠷᠭᠠᠨ ᠬᠦᠮᠥᠵᠢᠯ ᠤᠨ ᠶᠠᠰᠤ ᠴᠢᠨᠠᠷ ᠢ ᠲᠡᠭᠡᠭᠰᠢᠯᠡᠭᠦᠯᠬᠦ ᠰᠤᠷᠭᠠᠨ ᠬᠥᠮᠤᠵᠢᠯ ᠤᠨ ᠶᠠᠮᠤᠨ ᠤ ᠲᠤᠷᠰᠢᠯᠲᠡ ᠶᠢᠨ ᠲᠣᠭᠤᠷᠢᠭ︾ ᠪᠠ ︽ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠭᠠᠭᠤᠯᠢ ᠶᠢᠨ ᠨᠠᠰᠤᠨ ᠠᠴᠠ ᠡᠮᠦᠨᠠᠬᠢ ᠰᠤᠷᠭᠠᠨ ᠬᠥᠮᠤᠵᠢᠯ ᠤᠨ ᠪᠠᠲᠤᠯᠠᠭ᠎ᠠ ᠶᠢᠨ ᠲᠣᠭᠲᠠᠴᠠ ᠶᠢᠨ ᠲᠤᠷᠰᠢᠯᠲᠠ ᠶᠢᠨ ᠲᠣᠭᠤᠷᠢᠭ︾ ᠢᠶᠠᠷ ᠰᠤᠩᠭᠤᠭᠳᠠᠭᠰᠠᠨ ᠴᠤᠷ ᠤᠨ ᠭᠠᠭᠴᠠ ᠲᠣᠭᠤᠷᠢᠭ ᠰᠢᠶᠠᠨ ᠪᠣᠯᠣᠭᠰᠠᠨ ᠤ ᠬᠤᠪᠢ ᠳᠤ᠂ ᠬᠢᠶ᠎ᠡ ᠪᠠᠭᠰᠢ ᠲᠣᠭᠤᠷᠢᠭ ᠰᠤᠷᠭᠠᠭᠤᠯᠢ ᠶᠢᠨ ᠨᠠᠰᠤᠨ ᠠᠴᠠ ᠡᠮᠦᠨᠠᠬᠢ ᠰᠤᠷᠭᠠᠨ ᠬᠦᠮᠥᠵᠢᠯ ᠢ ᠲᠦᠭᠡᠮᠡᠯᠵᠢᠭᠦᠯᠬᠦ ᠶᠢ ᠶᠡᠭᠡ ᠪᠠᠷ ᠠᠬᠢᠭᠤᠯᠵᠤ᠂ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠴᠡᠴᠡᠷᠯᠢᠭ ᠲᠤ ᠪᠠᠶᠢᠭ᠎ᠠ ᠬᠡᠤᠬᠡᠳ ᠤᠨ ᠡᠵᠡᠯᠡᠬᠦ ᠬᠠᠷᠢᠴᠠᠯ 87% ᠳᠤ ᠬᠦᠷᠴᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠤᠬᠡᠳ ᠤᠨ ᠴᠡᠴᠡᠷᠯᠢᠭ ᠤᠨ ᠪᠦᠷᠭᠦᠴᠡ ᠶᠢᠨ ᠨᠣᠷᠮ᠎ᠠ 94% ᠬᠦᠷᠴᠦ᠂ ᠰᠤᠷᠭᠠᠭᠤᠯᠢ ᠶᠢᠨ ᠨᠠᠰᠤᠨ ᠠᠴᠠ ᠡᠮᠦᠨᠠᠬᠢ ᠭᠤᠷᠪᠠᠨ ᠵᠢᠯ ᠤᠨ ᠴᠡᠴᠡᠷᠯᠢᠭ ᠲᠤ ᠣᠷᠣᠬᠤ ᠪᠥᠬᠦ ᠨᠣᠷᠮ᠎ᠠ ᠨᠢ 106% ᠳᠤ ᠬᠦᠷᠴᠤ᠂ ᠤᠯᠠᠨ ᠲᠦᠮᠡᠨ ᠤ ᠬᠡᠣᠬᠡᠳ ᠢᠶᠠᠨ ᠪᠦᠷ ᠴᠡᠴᠠᠡᠷᠯᠢᠭ ᠲᠤ ᠬᠦᠷᠭᠡᠵᠦ ᠪᠣᠶᠢᠵᠢᠭᠤᠯᠬᠤ ᠭᠠᠵᠠᠷ ᠲᠠᠢ ᠪᠣᠯᠬᠤ ᠰᠠᠶᠢᠨ ᠰᠠᠶᠢᠬᠠᠨ ᠬᠦᠰᠡᠯ ᠡᠷᠡᠮᠡᠯᠵᠠᠯ ᠢ ᠪᠥᠬᠦ ᠲᠠᠯ᠎ᠠ ᠪᠠᠷ ᠬᠠᠩᠭᠠᠭᠰᠠᠨ ᠪᠠᠶᠢᠨ᠎ᠠ᠃     ᠰᠤᠷᠭᠠᠨ ᠬᠥᠮᠤᠵᠢᠯ ᠤᠨ ᠬᠥᠭᠵᠢᠯᠲᠠ ᠶᠢᠨ ᠰᠢᠨ᠎ᠡ ᠶᠢ ᠡᠭᠦᠳᠬᠦ ᠵᠢᠭᠠᠯᠲᠠ ᠲᠤᠭ᠎ᠠ ᠶᠢᠨ ᠲᠠᠯ᠎ᠠ ᠪᠠᠷ᠂ ᠬᠢᠶ᠎ᠡ ᠪᠠᠭᠰᠢ ᠲᠣᠭᠤᠷᠢᠭ ᠮᠥᠨ ᠬᠦ ᠭᠠᠷᠮᠠᠭᠠᠢ ᠢᠯᠡᠷᠡᠯ  ᠲᠠᠢ ᠪᠠᠶᠢᠵᠤ᠂ 97.26 ᠬᠤᠪᠢ ᠪᠠᠷ ᠪᠥᠬᠦ ᠤᠯᠤᠰ ᠤᠨ ᠬᠤᠶᠠᠳᠤᠭᠠᠷ ᠲᠤ ᠵᠢᠭᠰᠠᠭᠠᠭᠳᠠᠪᠠ᠃     ᠰᠤᠷᠭᠠᠨ ᠬᠦᠮᠥᠵᠢᠯ ᠤᠨ ᠬᠥᠭᠵᠢᠯᠲᠡ ᠶᠢᠨ ᠬᠡᠪᠴᠢᠶᠡᠵᠢᠯ ᠤᠨ ᠵᠢᠭᠠᠯᠲᠡ ᠲᠤᠭ᠎ᠠ ᠶᠢᠨ ᠬᠦᠷᠢᠶᠡᠨ ᠳᠤ᠂ ᠬᠢᠶ᠎ᠡ ᠪᠠᠭᠰᠢ ᠲᠣᠭᠤᠷᠢᠭ 91.01 ᠬᠤᠪᠢ ᠶᠢᠨ ᠬᠢᠷᠢ ᠪᠦᠲᠦᠮᠵᠢ ᠪᠠᠷ ᠳᠥᠷᠪᠡᠳᠦᠭᠡᠷ ᠲᠤ ᠣᠷᠤᠪᠠ᠃     ᠰᠤᠷᠭᠠᠨ ᠬᠦᠮᠤᠵᠢᠯ ᠤᠨ ᠬᠥᠭᠵᠢᠯᠲᠡ ᠶᠢᠨ ᠶᠠᠰᠤ ᠴᠢᠨᠠᠷ ᠤᠨ ᠵᠢᠭᠠᠯᠲᠠ ᠲᠤᠭ᠎ᠠ ᠶᠢᠨ ᠲᠠᠯ᠎ᠠ ᠪᠠᠷ᠂ ᠬᠢᠶ᠎ᠡ ᠪᠠᠭᠰᠢ ᠲᠣᠭᠤᠷᠢᠭ 90.39 ᠬᠤᠪᠢ ᠶᠢᠨ ᠬᠢᠷᠢ ᠪᠦᠲᠣᠮᠵᠢ ᠪᠠᠷ ᠳᠥᠷᠪᠡᠳᠦᠭᠡᠷ ᠲᠤ ᠣᠷᠣᠪᠡ᠃ ᠵᠢᠯ ᠪᠦᠷᠢ ᠪᠠᠷᠤᠭ 300 ᠰᠢᠯᠢᠳᠡᠭ ᠪᠠᠭᠰᠢ ᠶᠢ ᠡᠯᠰᠡᠵᠦ ᠪᠠᠭᠰᠢ ᠶᠢᠨ ᠡᠩᠨᠡᠭᠡ ᠪᠠᠨ ᠲᠡᠭᠦᠯᠳᠡᠷᠵᠢᠭᠦᠯᠦᠨ᠂ ︽ᠨᠠᠷᠠᠨ ᠬᠡᠷᠡᠯ︾ ᠤᠨ ᠰᠣᠷᠤᠭᠴᠢ ᠡᠯᠰᠡᠬᠦ ᠲᠦᠷᠤ ᠶᠢᠨ ᠪᠤᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠭ᠎ᠠ ᠰᠤᠷᠭᠠᠭᠤᠯᠢ ᠶᠢᠨ ᠠᠩᠬᠢ ᠶᠢᠨ ᠬᠥᠮᠤᠨ ᠤ ᠲᠤᠭ᠎ᠠ ᠶᠢ 45 ᠬᠦᠮᠥᠨ ᠤ ᠳᠣᠲᠣᠷ᠎ᠠ ᠨᠠᠷᠢᠯᠢᠭ ᠣᠨᠣᠪᠴᠢᠲᠠᠢ ᠪᠠᠷ ᠬᠢᠵᠠᠭᠠᠷᠯᠠᠵᠤ᠂ ᠠᠩᠬ᠎ᠠ ᠵᠡᠷᠭᠡ ᠶᠢᠨ ᠳᠤᠮᠳᠠᠲᠤ ᠰᠤᠷᠭᠠᠭᠤᠯᠢ ᠶᠢᠨ ᠠᠩᠭᠢ ᠶᠢᠨ ᠬᠦᠮᠤᠨ ᠤ ᠲᠤᠭ᠎ᠠ ᠶᠢ 50 ᠬᠦᠮᠤᠨ ᠠᠴᠠ ᠬᠡᠲᠦᠷᠡᠭᠦᠯᠬᠦ ᠦᠭᠡᠢ ᠶᠢ ᠪᠠᠲᠦᠯᠡᠪᠠ᠃     ᠰᠤᠷᠭᠠᠨ ᠬᠦᠮᠤᠵᠢᠯ ᠤᠨ ᠬᠥᠭᠵᠢᠯᠲᠡ ᠶᠢᠨ ᠦᠷ᠎ᠡ ᠠᠰᠢᠭ ᠤᠨ ᠵᠢᠭᠠᠯᠲᠠ ᠲᠤᠭ᠎ᠠ ᠶᠢᠨ ᠲᠠᠯ᠎ᠠ ᠪᠠᠷ ᠬᠢᠶ᠎ᠡ ᠪᠠᠭᠰᠢ ᠲᠣᠭᠤᠷᠢᠭ ᠭᠤᠷᠪᠠᠳᠤᠭᠠᠷ ᠲᠤ ᠣᠷᠣᠪᠠ᠃ ᠬᠢᠶ᠎ᠡ ᠪᠠᠭᠰᠢ ᠲᠣᠭᠤᠷᠢᠭ ᠰᠤᠷᠭᠠᠨ ᠬᠦᠮᠤᠵᠢᠯ ᠤᠨ ᠪᠡᠯᠡ ᠤᠷᠣᠭᠤᠯᠤᠯᠲᠠ ᠶᠢᠨ ᠲᠠᠯ᠎ᠠ ᠪᠠᠷ ᠨᠡᠯᠢᠶᠠᠳ ᠶᠡᠭᠡ ᠡᠷᠴᠢᠮ ᠲᠠᠢ ᠪᠠᠶᠢᠵᠤ᠂ ᠵᠢᠯ ᠪᠦᠷᠢ ᠶᠢᠨ ᠰᠤᠷᠭᠠᠨ ᠬᠦᠮᠤᠵᠢᠯ ᠤᠨ ᠪᠡᠯᠡ ᠣᠷᠤᠭᠤᠯᠤᠯᠲᠠ ᠨᠢ ᠭᠠᠵᠠᠷ ᠣᠷᠣᠨ ᠤ ᠡᠳ᠋ ᠤᠨ ᠵᠠᠰᠠᠭ ᠤᠨ ᠵᠠᠷᠤᠯᠭ᠎ᠠ ᠶᠢᠨ 25% ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ