ᠣᠲᠤᠭ ᠤᠨ ᠡᠮᠦᠨᠡᠲᠤ ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠨ᠎ᠡ ᠠᠷᠭ᠎ᠠ ᠶᠢ ᠰᠦᠪᠡᠭᠴᠢᠯᠡᠨ ᠰᠢᠯᠢᠳᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/12/5
    ᠣᠲᠤᠭ ᠤᠨ ᠡᠮᠤᠨᠠᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠬᠢᠨ ︽ᠴᠠᠬᠢᠯᠳᠠᠭ︾ ᠵᠠᠰᠠᠭ ᠤᠨ ᠶᠠᠪᠤᠳᠠᠯ ᠤᠨ ᠰᠢᠭᠤᠳ ᠨᠡᠪᠳᠡᠷᠡᠭᠦᠯᠭᠡ ᠶᠢᠨ ᠥᠷᠥᠬᠡ ᠭᠠᠷᠭᠠᠵᠤ᠂ ᠤᠯᠠᠨ ᠲᠦᠮᠡᠨ ᠤ ᠬᠦᠰᠡᠵᠤ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠲᠤᠰᠬᠠᠢ ᠮᠡᠷᠭᠡᠵᠢᠯ ᠤᠨ ᠲᠠᠶᠢᠯᠤᠮᠵᠢ ᠬᠢᠬᠦ ᠶᠢᠨ ᠳᠠᠭᠠᠤ ᠭᠠᠷᠳᠡᠮ ᠭᠦᠢᠴᠡᠳᠭᠡᠬᠦ ᠠᠯᠬᠤᠮ ᠲᠠᠷᠠᠭᠠᠯᠠᠯ᠂ ᠬᠠᠮᠢᠶ᠎ᠠ ᠪᠦᠬᠦᠢ ᠲᠦᠷᠤ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠶᠢ ᠤᠯᠠᠨ ᠲᠦᠮᠡᠨ ᠳᠤ ᠣᠶᠢᠯᠠᠭᠠᠭᠤᠯᠤᠭᠰᠠᠨ ᠪᠠᠶᠢᠨ᠎ᠠ᠃    ᠲᠣᠰ ᠡᠳᠦᠷ ᠤᠨ ᠰᠢᠭᠤᠳ ᠨᠡᠪᠲᠡᠷᠡᠭᠦᠯᠭᠡ ᠨᠢ ᠭᠠᠶᠢᠯᠢ ᠶᠢᠨ ᠶᠠᠪᠤᠳᠠᠯ ᠤᠨ ᠲᠤᠰᠬᠠᠢ ᠲᠠᠯᠠᠪᠤᠷ ᠪᠠᠶᠢᠵᠤ᠂ ᠭᠡᠷ ᠭᠠᠵᠠᠷ ᠬᠦᠷᠤᠩᠬᠡ ᠶᠢᠨ ᠠᠷᠠᠯᠵᠢᠶᠠᠨ ᠤ ᠭᠠᠶᠢᠯᠢ ᠲᠠᠲᠠᠪᠤᠷᠢᠯᠠᠬᠤ᠂ ᠭᠠᠶᠢᠯᠢ ᠶᠢᠨ ᠶᠠᠪᠤᠳᠠᠯ ᠤᠨ ᠠᠷᠠᠳ ᠲᠤ ᠬᠠᠷᠠᠭᠠᠯᠵᠠᠯ ᠦᠵᠡᠭᠦᠯᠬᠦ ᠲᠥᠷᠤ ᠶᠢᠨ ᠪᠣᠳᠣᠯᠭ᠎ᠠ ᠵᠡᠷᠭᠡ ᠬᠠᠯᠠᠮᠰᠢᠯ ᠠᠰᠠᠭᠤᠳᠠᠯ ᠤᠨ ᠲᠣᠭᠤᠷᠢᠨ ᠳᠤ ᠨᠠᠷᠢᠨ ᠲᠣᠲᠤᠷᠬᠠᠢ ᠲᠠᠶᠢᠯᠤᠮᠵᠢ ᠬᠢᠵᠤ᠂ 100 ᠭᠠᠷᠤᠢ ᠠᠰᠠᠭᠤᠯᠲᠠ ᠶᠢ ᠲᠠᠶᠢᠯᠪᠤᠷᠢᠯᠠᠨ᠂ 3.28 ᠲᠦᠮᠡ ᠭᠠᠷᠤᠢ ︽ᠮᠠᠭᠲᠠᠭᠠᠯ︾ ᠣᠯᠵᠤ᠂ 2600 ᠭᠠᠷᠤᠢ ᠬᠦᠮᠤᠨ ᠰᠢᠭᠤᠳ ᠨᠡᠪᠲᠡᠷᠡᠭᠦᠯᠭᠡ ᠶᠢ ᠦᠵᠡᠵᠡᠢ᠃    ᠣᠶᠢᠯᠠᠭᠠᠭᠰᠠᠨ ᠢᠶᠠᠷ ︽ᠴᠠᠬᠢᠯᠳᠠᠭ︾ ᠵᠠᠰᠠᠭ ᠤᠨ ᠶᠠᠪᠤᠳᠠᠯ ᠤᠨ ᠰᠢᠭᠤᠳ ᠨᠡᠪᠳᠡᠷᠡᠭᠦᠯᠭᠡ ᠶᠢ ᠡᠨᠡ ᠵᠢᠯ ᠤᠨ 7 ᠰᠠᠷ᠎ᠠ ᠠᠴᠠ ᠡᠬᠢᠯᠡᠭᠦᠯᠦᠭᠰᠡᠨ ᠠᠴᠠ ᠨᠠᠭᠠᠰᠢ ᠨᠢᠭᠡᠨᠲᠡ ᠬᠦᠮᠤᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠰᠬᠠᠢ ᠲᠠᠯᠠᠪᠤᠷ᠂ ᠦᠯᠤ ᠬᠥᠳᠡᠯᠬᠦ ᠬᠦᠷᠤᠩᠬᠡ ᠶᠢᠨ ᠲᠤᠰᠬᠠᠢ ᠲᠠᠯᠠᠪᠤᠷ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠬᠦ ᠶᠢᠨ ᠲᠤᠰᠬᠠᠢ ᠲᠠᠯᠠᠪᠤᠷ᠂ ᠡᠮᠨᠡᠯᠭᠡ ᠶᠢᠨ ᠳᠠᠭᠠᠳᠬᠠᠯ ᠤᠨ ᠲᠤᠰᠬᠠᠢ ᠲᠠᠯᠠᠪᠤᠷ ᠵᠡᠷᠭᠡ 5 ᠤᠳᠠᠭᠠᠨ ᠤ ᠰᠢᠭᠤᠳ ᠨᠡᠪᠲᠡᠷᠡᠭᠦᠯᠭᠡ  ᠶᠢ ᠠᠮᠵᠢᠯᠳᠠᠲᠠᠢ ᠶᠠᠪᠤᠭᠳᠠᠭᠤᠯᠵᠤ᠂ ᠰᠢᠭᠤᠳ ᠨᠡᠪᠲᠡᠷᠡᠭᠦᠯᠭᠡ ᠪᠠᠷ ᠣᠯᠠᠨ ᠲᠦᠮᠡᠨ ᠤ ᠳᠤᠷᠠᠳᠤᠭᠰᠠᠨ 500 ᠭᠠᠷᠤᠢ ᠠᠰᠠᠭᠤᠯᠲᠠ ᠳᠤ ᠲᠠᠶᠢᠯᠪᠤᠷᠢ ᠬᠢᠵᠦ᠂ 12 ᠲᠦᠮᠡ ᠭᠠᠷᠤᠢ ︽ᠮᠠᠭᠲᠠᠭᠠᠯ︾ ᠤᠯᠵᠤ᠂ 8000 ᠭᠠᠷᠤᠢ ᠬᠦᠮᠤᠨ ᠰᠢᠭᠤᠳ ᠨᠡᠪᠳᠡᠷᠡᠭᠦᠯᠭᠡ ᠶᠢ ᠦᠵᠡᠵᠡᠢ᠃ ᠡᠨᠡ ᠨᠢ ᠤᠳᠤᠭ ᠤᠨ ᠡᠮᠣᠨᠡᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠦᠲᠣᠮᠵᠢᠲᠡᠢ ᠰᠢᠨ᠎ᠡ ᠰᠦᠪᠡᠭᠴᠢᠯᠡᠯᠲᠠ ᠪᠣᠯᠵᠤ᠂ ᠤᠯᠠᠨ ᠲᠦᠮᠡᠨ ᠳᠤ ᠵᠠᠰᠠᠭ ᠤᠨ ᠶᠠᠪᠤᠳᠠᠯ ᠤᠨ ᠨᠡᠩ ᠴᠢᠨᠠᠷᠵᠢᠭᠤᠨ ᠦᠢᠯᠠᠴᠢᠯᠡᠭᠡ ᠬᠠᠩᠭᠠᠬᠤ ᠶᠢ ᠠᠬᠢᠭᠤᠯᠤᠭᠰᠠᠨ ᠪᠠᠶᠢᠨ᠎ᠠ᠃ 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ