ᠡᠯ᠎ᠡ ᠭᠠᠵᠠᠷ ᠤᠨ ᠬᠢᠨ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠮᠠᠯ ᠪᠡᠯᠴᠢᠭᠡᠷ ᠢ ᠨᠢᠭᠡ ᠴᠣᠭᠴᠠᠵᠢᠭᠤᠯᠤᠨ | ᠬᠥᠭᠵᠢᠭᠦᠯᠬᠦ ᠶᠢ ᠭᠦᠨᠵᠡᠭᠡᠢ ᠠᠬᠢᠭᠤᠯᠵᠤ᠂ ᠤᠳᠤ ᠪᠦᠭᠦ ᠣᠷᠣᠨ ᠤ ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠲᠡᠵᠢᠭᠡᠯ ᠪᠣᠷᠳᠣᠭᠠᠨ ᠳᠤ ᠬᠡᠷᠡᠭᠯᠡᠬᠦ ᠨᠣᠬᠠᠢ | ᠶᠢᠨ ᠬᠤᠰᠢᠭᠤ᠂ ᠬᠢᠶᠠᠭ ᠡᠪᠡᠰᠦ ᠵᠡᠷᠭᠡ ᠲᠡᠵᠢᠭᠡᠯ ᠡᠪᠡᠰᠦ ᠪᠣᠷᠳᠤᠭ᠎ᠠ ᠲᠠᠷᠢᠬᠤ ᠲᠠᠯᠠᠪᠠᠢ 1800 ᠲᠦᠮᠡᠨ ᠮᠦ ᠳᠤ ᠬᠦᠷᠴᠦ᠂ ᠤᠨᠠᠯᠲᠠ ᠨᠢ 2000 ᠲᠦᠮᠡᠨ | ᠲᠤᠨ ᠢ ᠳᠠᠪᠠᠨ᠂ ᠡᠰᠢ ᠰᠦᠷᠡᠯ ᠢ ᠲᠡᠵᠢᠭᠡᠯ ᠡᠪᠡᠰᠦ ᠪᠣᠷᠳᠤᠭ᠎ᠠ ᠪᠣᠯᠭᠠᠨ ᠠᠰᠢᠭᠯᠠᠬᠤ ᠨᠣᠷᠮ᠎ᠠ 63% ᠳᠤ ᠬᠦᠷᠴᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ | ᠲᠡᠵᠢᠭᠡᠯ ᠡᠪᠡᠰᠦᠨ ᠤ ᠭᠠᠷᠤᠯᠲᠠ 3000 ᠲᠦᠮᠡᠨ ᠲᠤᠨ ᠢ ᠳᠠᠪᠠᠨ᠂ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ 160 ᠳ᠋ᠦᠩᠰᠢᠭᠤᠷ ᠲᠥᠭᠦᠷᠢᠭ | ᠢ ᠳᠠᠪᠠᠵᠤ ᠪᠤᠢ᠃ | ᠣᠶᠢᠷ᠎ᠠ ᠶᠢᠨ ᠵᠢᠯ ᠳᠤ ᠮᠠᠨ ᠤ ᠣᠷᠣᠨ ᠡᠪᠡᠰᠦᠨ ᠤ ᠠᠵᠤ ᠦᠢᠯᠡᠰ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ | ᠤ ᠬᠠᠯᠬᠠᠪᠴᠢ ᠶᠢ ᠪᠦᠲᠦᠭᠡᠨ ᠪᠠᠶᠢᠭᠤᠯᠬᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠢ ᠪᠦᠲᠦᠭᠡᠨ | ᠪᠠᠶᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠤᠯᠭᠠᠵᠤ᠂ ᠡᠪᠡᠰᠦᠨ ᠤ ᠠᠵᠤ ᠦᠢᠯᠡᠰ ᠤᠨ ᠲᠠᠷᠢᠬᠤ᠂ ᠠᠷᠠᠴᠢᠯᠠᠬᠤ᠂ ᠡᠳ᠋ᠰᠢᠭᠦᠯᠬᠦ᠂ ᠪᠣᠷᠣᠯᠠᠭᠤᠯᠬᠤ ᠪᠦᠷᠢᠨ ᠬᠡᠯᠬᠢᠶ᠎ᠡ | ᠶᠢᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠠᠬᠢᠭᠤᠯᠤᠭᠰᠠᠨ ᠪᠠᠶᠢᠨ᠎ᠠ᠃ ᠣᠳᠣᠬᠠᠨ ᠪᠤᠯᠳᠠᠯ᠎ᠠ ᠮᠠᠨ ᠤ ᠣᠷᠣᠨ ᠨᠡᠶᠢᠳᠡ 217 ᠵᠦᠢᠯ ᠤᠨ | ᠡᠪᠡᠰᠦᠨ ᠤ ᠡᠭᠦᠯᠳᠡᠷ ᠢ ᠪᠣᠶᠢᠵᠢᠭᠤᠯᠵᠤ᠂ ᠡᠪᠡᠰᠦᠨ ᠤ ᠡᠭᠦᠯᠳᠡᠷ ᠪᠣᠶᠢᠵᠢᠭᠤᠯᠬᠤ ᠰᠠᠭᠤᠷᠢᠨ ᠤ ᠳᠠᠯᠠᠪᠠᠢ ᠨᠢ 26.5 ᠲᠦᠮᠡᠨ ᠮᠦ ᠳᠤ ᠬᠦᠷᠴᠦ᠂ ᠡᠭᠦᠨ ᠳᠤ | ᠤᠨᠠᠯᠳᠠ ᠲᠠᠢ ᠪᠣᠯᠤᠭᠰᠠᠨ ᠡᠪᠡᠰᠦᠨ ᠤ ᠡᠭᠦᠯᠳᠡᠷ ᠪᠣᠶᠢᠵᠢᠭᠤᠯᠬᠤ ᠲᠠᠯᠠᠪᠠᠢ ᠨᠢ 17.6 ᠲᠦᠮᠡᠨ ᠮᠦ ᠳᠤ ᠬᠦᠷᠴᠡᠢ᠃ | ᠡᠪᠡᠰᠦᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠭᠰᠠᠨ ᠨᠢ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠶᠠᠰᠤ ᠴᠢᠨᠠᠷ ᠪᠠ ᠬᠡᠮᠵᠢᠶ᠎ᠡ ᠶᠢ | ᠪᠦᠲᠦᠮᠵᠢᠲᠡᠢ ᠪᠠᠷ ᠳᠡᠭᠡᠭᠰᠢᠯᠡᠭᠦᠯᠪᠡ᠃ ᠣᠳᠣᠬᠠᠨ ᠳᠤ ᠮᠠᠨ ᠤ ᠣᠷᠣᠨ ᠤ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ᠂ ᠢᠮᠠᠭᠠᠨ ᠨᠣᠣᠯᠣᠭᠤᠷ ᠤᠨ | ᠭᠠᠷᠤᠯᠲᠠ ᠴᠥᠮ ᠪᠦᠭᠦ ᠤᠯᠤᠰ ᠲᠤ ᠲᠦᠷᠦᠭᠦᠯᠡᠵᠦ᠂ ᠵᠢᠯ ᠪᠦᠷᠢ 630 ᠲᠦᠮᠡᠨ ᠲᠤᠨ ᠦᠨᠢᠶᠡᠨ ᠰᠦ᠂ 155 ᠲᠦᠮᠡᠨ ᠲᠤᠨ ᠦᠬᠡᠷ ᠬᠤᠨᠢᠨ ᠮᠢᠬ᠎ᠠ ᠶᠢ | ᠣᠷᠣᠨ ᠤ ᠭᠠᠳᠠᠨ᠎ᠠ ᠪᠣᠷᠣᠯᠠᠭᠤᠯᠵᠤ᠂ 6000 ᠲᠤᠨ ᠢᠮᠠᠭᠠᠨ ᠨᠣᠣᠯᠣᠭᠤᠷ ᠬᠤᠷᠢᠶᠠᠨ᠂ ᠨᠡᠷ᠎ᠡ ᠨᠢᠳᠡᠷ ᠲᠡᠭᠡᠨ ᠨᠡᠶᠢᠴᠡᠭᠰᠡᠨ ᠪᠦᠭᠦ ᠤᠯᠤᠰ ᠤᠨ︽ᠮᠢᠬᠠᠨ ᠤ | ᠬᠥᠮᠥᠷᠭᠡ︾᠂ ︽ᠰᠦ ᠶᠢᠨ ᠬᠥᠨᠥᠭ︾᠂ ︽ᠨᠣᠣᠯᠣᠭᠤᠷ ᠤᠨ ᠬᠤᠲᠠ︾ᠪᠣᠯᠤᠭᠰᠠᠨ ᠶᠤᠮ᠃ | ᠡᠪᠡᠰᠦᠨ ᠤ ᠠᠵᠤ ᠦᠢᠯᠡᠰ ᠪᠣᠯ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠮᠠᠯ ᠠᠵᠤ ᠠᠬᠤᠢ | ᠲᠠᠷᠢᠶᠠᠯᠠᠩ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢᠨ ᠴᠢᠬᠤᠯᠠ ᠬᠦᠴᠦᠯᠡᠬᠦ ᠴᠡᠭ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠤᠨ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ | 10 ᠲᠦᠮᠡᠨ ᠬᠡᠪᠴᠢᠶᠡᠵᠢᠭᠦᠯᠦᠭᠰᠡᠨ ᠲᠡᠵᠢᠭᠡᠪᠦᠷᠢ ᠶᠢᠨ ᠲᠠᠯᠠᠪᠠᠢ ᠲᠠᠢ ᠪᠣᠯᠵᠤ᠂ ᠲᠡᠵᠢᠭᠡᠨ ᠦᠷᠡᠵᠢᠭᠦᠯᠬᠦ ᠬᠡᠪᠴᠢᠶᠡᠵᠢᠭᠦᠯᠦᠯᠲᠡ ᠶᠢᠨ ᠨᠤᠷᠮ᠎ᠠ 74% ᠳᠤ ᠬᠦᠷᠴᠦ | ᠪᠤᠢ᠃ ᠮᠠᠯᠵᠢᠬᠤ ᠣᠷᠣᠨ ᠤ ᠲᠡᠵᠢᠭᠡᠯ ᠡᠪᠡᠰᠦ ᠪᠣᠷᠳᠤᠭ᠎ᠠ ᠶᠢᠨ ᠨᠥᠭᠡᠴᠡᠯᠡᠬᠦ ᠴᠢᠳᠠᠪᠤᠷᠢ 1100 ᠲᠦᠮᠡᠨ ᠲᠤᠨ ᠳᠤ ᠬᠦᠷᠴᠦ᠂ ᠪᠡᠯᠴᠢᠭᠡᠷᠯᠡᠭᠦᠯᠦᠨ ᠮᠠᠯᠵᠢᠬᠤ ᠶᠢ | ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠲᠡᠶᠢᠰᠢ ᠲᠦᠷᠭᠡᠳᠬᠡᠨ ᠬᠤᠪᠢᠷᠠᠭᠤᠯᠵᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠷᠤᠭᠠᠰᠤ ᠶᠢ | ᠪᠦᠲᠦᠮᠵᠢᠲᠡᠢ ᠬᠥᠩᠭᠡᠷᠡᠭᠦᠯᠪᠡ᠃ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ 160 ᠳ᠋ᠦᠩᠰᠢᠭᠤᠷ ᠲᠥᠭᠦᠷᠢᠭ ᠢ ᠳᠠᠪᠠᠨ᠂ ᠲᠡᠵᠢᠭᠡᠯ ᠪᠣᠷᠳᠣᠭᠠᠨ ᠤ | ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 300 ᠳ᠋ᠦᠩᠰᠢᠭᠤᠷ ᠲᠥᠭᠦᠷᠢᠭ ᠢ ᠳᠠᠪᠠᠵᠤ᠂ ᠴᠥᠮ ᠪᠦᠭᠦ ᠤᠯᠤᠰ ᠲᠤ ᠲᠦᠷᠦᠭᠦᠯᠡᠵᠦ ᠪᠠᠶᠢᠨ᠎ᠠ᠃ | ᠼᠤᠤ ᠳ᠋ᠦ᠋᠂ ᠮᠧᠩ ᠼᠤᠤ᠂ ᠵᠧᠩ ᠱᠢ ᠵᠡᠷᠭᠡ ᠨᠢᠭᠡ ᠪᠦᠯᠦᠭ ᠡᠪᠡᠰᠦᠨ ᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠡᠳᠦᠷ ᠢᠷᠡᠬᠦᠶ᠎ᠡ ᠪᠤᠵᠠᠭᠠᠶᠢᠷᠠᠵᠤ᠂ | ᠲᠠᠷᠢᠬᠤ᠂ ᠬᠠᠳᠤᠵᠤ ᠬᠤᠷᠢᠶᠠᠬᠤ᠂ ᠡᠳ᠋ᠰᠢᠭᠦᠯᠬᠦ᠂ ᠨᠥᠭᠡᠴᠡᠯᠡᠬᠦ᠂ ᠲᠡᠭᠡᠭᠡᠪᠦᠷᠢᠯᠡᠬᠦ ᠪᠠ ᠪᠣᠷᠣᠯᠠᠭᠤᠯᠬᠤ ᠵᠡᠷᠭᠡ ᠪᠦᠭᠦ ᠠᠵᠤ ᠦᠢᠯᠡᠰ ᠤᠨ ᠬᠡᠯᠬᠢᠶ᠎ᠡ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠬᠤᠷᠳᠤᠴᠠ ᠶᠢ ᠲᠠᠰᠤᠷᠠᠯᠲᠠ ᠦᠭᠡᠢ ᠲᠦᠷᠭᠡᠳᠬᠡᠵᠦ ᠪᠤᠢ᠃ | | |