ᠬᠥᠮᠥᠨ ᠠᠷᠠᠳ ᠤᠨ ᠰᠡᠳᠬᠢᠯ ᠢ ᠤᠮᠳᠠᠯᠠᠭᠰᠠᠨ ᠬᠥᠳᠡᠭᠡ ᠨᠤᠲᠤᠭ ᠤᠨ ︽ᠪᠠᠶᠠᠵᠢᠯ ᠤᠨ ᠵᠠᠮ︾
ᠨᠡᠶᠢᠲᠡᠯᠡᠭᠰᠡᠨ ᠴᠠᠭ᠄
2024/2/20
     ᠪᠠᠶᠠᠨᠨᠠᠭᠤᠷ ᠬᠤᠳᠠ ᠶᠢᠨ ᠤᠷᠠᠳ ᠤᠨ ᠲᠤᠮᠳᠠᠳᠤ ᠬᠤᠰᠢᠭᠤᠨ ᠤ ᠲᠡᠯ ᠠᠭᠤᠯᠠ ᠪᠠᠯᠭᠠᠰᠤ ᠠᠴᠠ ᠭᠠᠷᠴᠤ ᠰᠤᠳᠠᠯ ᠤᠨ ᠬᠤᠳᠳᠤᠭ ᠭᠠᠴᠠᠭ᠎ᠠ ᠶᠢ ᠵᠣᠷᠢᠬᠤ ᠳᠤ ᠴᠣ ᠰᠢᠨ᠎ᠡ ᠰᠠᠷᠠᠭᠤᠯ ᠳᠠᠷᠳᠠᠩ ᠴᠠᠷᠳᠠᠮᠠᠯ ᠵᠠᠮ ᠨᠢ ᠶᠠᠭ ᠨᠢᠭᠡᠨ ᠬᠠᠷ᠎ᠠ ᠪᠦᠰᠡ ᠮᠡᠲᠦ ᠪᠠᠷ ᠥᠷᠭᠡᠨ ᠠᠭᠤᠳᠠᠮ ᠬᠡᠭᠡᠷ᠎ᠡ ᠲᠠᠯ᠎ᠠ ᠳᠤ ᠮᠤᠷᠤᠯᠵᠠᠨ᠂ ᠦᠵᠡᠰᠬᠦᠯᠡᠩᠲᠦ ᠰᠠᠶᠢᠬᠠᠨ ᠦᠵᠡᠮᠵᠢ ᠶᠢ ᠪᠦᠷᠢᠯᠳᠦᠭᠦᠯᠦᠨ᠎ᠡ᠃ ᠡᠨᠡ ᠬᠡᠰᠡᠭ ᠵᠠᠮ ᠪᠣᠯ ᠤᠷᠠᠳ ᠤᠨ ᠳᠤᠮᠳᠠᠳᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠡᠨᠡ ᠵᠢᠯ ᠲᠡᠯ ᠠᠭᠤᠯᠠ ᠪᠠᠯᠭᠠᠰᠤᠨ ᠤ ᠰᠤᠳᠠᠯ ᠤᠨ ᠬᠤᠳᠳᠤᠭ ᠭᠠᠴᠠᠭ᠎ᠠ ᠳᠤ ᠰᠢᠨ᠎ᠡ ᠪᠠᠷ ᠪᠠᠶᠢᠭᠤᠯᠤᠭᠰᠠᠨ 6.25 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠪᠠᠶᠢᠵᠤ᠂ ᠲᠤᠬᠠᠢ ᠶᠢᠨ ᠭᠠᠵᠠᠷ ᠤᠨ 100 ᠭᠠᠷᠤᠢ ᠮᠠᠯᠴᠢᠨ ᠲᠠᠷᠢᠶᠠᠴᠢᠨ ᠳᠤ ᠨᠡᠩ ᠤᠯᠠᠨ ᠠᠵᠠ ᠲᠣᠭᠢᠶᠠᠯ ᠪᠠ ᠬᠦᠰᠡᠯ ᠡᠷᠡᠮᠡᠯᠵᠡᠯ ᠠᠪᠴᠢᠷᠠᠵᠤ ᠥᠭᠴᠡᠢ᠃     ︽ᠡᠨᠡ ᠵᠠᠮ ᠤᠤᠯ ᠨᠢ ᠰᠢᠷᠣᠢ ᠶᠢᠨ ᠵᠠᠮ ᠪᠠᠶᠢᠵᠤ᠂ ᠵᠠᠮ ᠤᠨ ᠭᠠᠳᠠᠷᠭᠤ ᠨᠢ ᠡᠩᠬᠦᠯ ᠳᠤᠩᠬᠤᠯ᠂ ᠲᠣᠰᠬᠤᠨ ᠤ ᠠᠷᠠᠳ ᠤᠨ ᠶᠠᠪᠤᠵᠤ ᠰᠠᠭᠤᠬᠤ ᠳᠤ ᠳᠥᠭᠦᠮ ᠦᠭᠡᠢ᠂ ᠵᠠᠷᠢᠮ ᠳᠠᠭᠠᠨ ᠪᠠᠰᠠ ᠲᠣᠭᠤᠷᠢᠵᠤ ᠶᠠᠪᠤᠬᠤ ᠴᠢᠬᠤᠯᠠᠲᠠᠢ ᠪᠠᠶᠢᠳᠠᠭ᠃ ᠡᠨᠡ ᠵᠢᠯ ᠬᠤᠰᠢᠭᠤᠨ ᠤ ᠵᠠᠮ ᠬᠠᠷᠢᠯᠴᠠᠭᠠᠨ ᠤ ᠰᠠᠯᠠᠭ᠎ᠠ ᠮᠥᠴᠢᠷ ᠪᠢᠳᠡᠨ ᠳᠤ ᠵᠠᠮ ᠵᠠᠰᠠᠨ ᠥᠭᠴᠦ᠂ ᠪᠢᠳᠡᠨ ᠤ ᠶᠠᠪᠤᠵᠤ ᠰᠠᠭᠤᠬᠤ ᠳᠤ ᠮᠠᠰᠢ ᠲᠦᠭᠦᠮ ᠦᠵᠡᠭᠦᠯᠪᠡ︾ ᠬᠡᠮᠡᠨ ᠳᠡᠯ ᠠᠭᠤᠯᠠ ᠪᠠᠯᠭᠠᠰᠤᠨ ᠤ ᠰᠤᠳᠠᠯ ᠤᠨ ᠬᠤᠳᠳᠤᠭ ᠭᠠᠴᠠᠭ᠎ᠠ ᠶᠢᠨ ᠨᠠᠮ ᠤᠨ ᠡᠭᠦᠷ ᠤᠨ ᠱᠦᠵᠢ ᠯᠢᠦ ᠫᠧᠢ ᠹᠦ᠋ ᠪᠠᠶᠠᠷᠯᠠᠨ ᠶᠠᠷᠢᠨ᠎ᠠ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠦᠨ᠎ᠡ᠃ ᠣᠶᠢᠷ᠎ᠠ ᠶᠢᠨ ᠵᠢᠯ ᠠᠴᠠ ᠨᠠᠭᠠᠰᠢ᠂ ᠤᠷᠠᠳ ᠤᠨ ᠳᠤᠮᠳᠠᠳᠤ ᠬᠤᠰᠢᠭᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠢᠪᠴᠤᠤ ᠠᠴᠠ ᠥᠷᠭᠡᠨ ᠪᠣᠯᠵᠤ᠂ ᠪᠠᠷᠲᠠᠭ᠎ᠠ ᠲᠠᠢ ᠠᠴᠠ ᠲᠡᠭᠰᠢ ᠲᠠᠷᠳᠠᠩ ᠪᠣᠯᠤᠭᠰᠠᠨ ᠬᠥᠳᠡᠭᠡ ᠲᠣᠰᠬᠤᠨ ᠤ ᠵᠠᠰᠠᠮᠠᠯ ᠵᠠᠮ ᠨᠢ ᠠᠭᠠᠵᠢᠮ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠥᠭᠵᠢᠯᠲᠡ ᠶᠢᠨ ᠵᠠᠮ᠂ ᠵᠢᠷᠭᠠᠯ ᠤᠨ ᠵᠠᠮ᠂ ᠪᠠᠶᠠᠵᠢᠯ ᠤᠨ ᠵᠠᠮ ᠪᠣᠯᠤᠭᠰᠠᠨ ᠪᠠᠶᠢᠨ᠎ᠠ᠃ ᠤᠷᠠᠳ ᠤᠨ ᠳᠤᠮᠳᠠᠳᠤ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ︽ᠬᠥᠳᠡᠭᠡ ᠲᠣᠰᠬᠤᠨ ᠤ ᠳᠥᠷᠪᠡᠨ ᠰᠠᠶᠢᠨᠲᠠᠢ ᠵᠠᠮ︾᠎ ᠢ ᠳᠡᠭᠡᠭᠰᠢᠯᠡᠭᠦᠯᠭᠦ ᠢᠨᠵᠧᠨᠧᠷᠢᠩ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠭᠠᠷᠳᠠᠴᠠ ᠪᠤᠯᠭᠠᠵᠤ᠂ 1400 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ 6 ᠵᠤᠷᠪᠤᠰ ᠦᠵᠡᠰᠬᠦᠯᠡᠩᠲᠦ ᠰᠠᠶᠢᠬᠠᠨ ᠵᠠᠰᠠᠮᠠᠯ ᠵᠠᠮ ᠢ ᠪᠠᠶᠢᠭᠤᠯᠵᠤ᠂ ᠶᠡᠷᠦᠩᠬᠡᠢ ᠣᠷᠳᠣ ᠨᠢ 109.7 ᠺᠢᠯᠣᠮᠧᠲᠷ ᠪᠠᠶᠢᠵᠤ᠂ ︽ᠰᠠᠭᠠᠳ ᠦᠭᠡᠢ ᠠᠮᠤᠷ ᠲᠦᠪᠰᠢᠨ ᠲᠠᠭᠠᠯᠠᠮᠵᠢᠲᠠᠢ ᠠᠷᠢᠭᠤᠨ ᠴᠡᠪᠡᠷ︾ ᠬᠥᠳᠡᠭᠡ ᠲᠣᠰᠬᠤᠨ ᠤ ᠵᠠᠰᠠᠮᠠᠯ ᠵᠠᠮ ᠤᠨ ᠨᠡᠪᠲᠡᠷᠡᠬᠦ ᠣᠷᠴᠢᠨ ᠲᠣᠭᠤᠷᠢᠨ ᠢ ᠪᠦᠭᠦ ᠬᠦᠴᠦᠨ ᠢᠶᠠᠷ ᠢᠶᠠᠨ ᠴᠣᠭᠴᠠᠯᠠᠪᠠ᠃     ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ ᠢ ᠳᠤᠷᠠᠳᠬᠤ ᠳᠤ᠂ ᠦᠵᠦᠭᠦᠷ ᠭᠤᠣᠯ ᠪᠠᠯᠭᠠᠰᠤ ᠶᠢᠨ ᠯᠢᠶᠠᠨ ᠹᠧᠩ ᠹᠧᠨ ᠳ᠋ᠧᠦ ᠲᠣᠰᠬᠤᠨ ᠤ ᠨᠠᠮ ᠤᠨ ᠡᠭᠦᠷ ᠤᠨ ᠱᠦᠵᠢ ᠸᠠᠩ ᠱᠧᠩ ᠴᠢᠤᠸᠠᠨ ᠳᠣᠬᠳᠣᠯᠤᠬᠰᠠᠨ ᠰᠡᠳᠬᠢᠯᠭᠡ ᠪᠠᠨ ᠳᠠᠷᠤᠵᠤ ᠶᠠᠳᠠᠨ᠎ᠠ᠃ ᠡᠨᠡ ᠵᠢᠯ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 787 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠡᠳᠡᠨ ᠤ ᠲᠣᠰᠬᠤᠨ ᠳᠤ ᠪᠦᠭᠦ ᠣᠷᠳᠣ ᠨᠢ 8.4 ᠺᠢᠯᠣᠮᠧᠲᠷ ᠤᠨ ᠵᠠᠰᠠᠮᠠᠯ ᠵᠠᠮ ᠵᠠᠰᠠᠨ ᠥᠭᠴᠦ᠂ ᠲᠣᠰ ᠲᠣᠰᠬᠤᠨ ᠤ ᠠᠮᠢᠳᠤᠷᠠᠯ ᠦᠢᠯᠡᠳᠪᠦᠷᠢᠯᠡᠯ ᠤᠨ ᠨᠥᠬᠦᠴᠡᠯ ᠢ ᠶᠡᠭᠡ ᠪᠠᠷ ᠰᠠᠶᠢᠵᠢᠷᠠᠭᠤᠯᠵᠤ᠂ ᠲᠤᠬᠠᠢ ᠶᠢᠨ ᠭᠠᠵᠠᠷ ᠤᠨ ᠣᠯᠠᠨ ᠲᠦᠮᠡᠨ ᠤ ᠶᠠᠪᠤᠵᠤ ᠰᠠᠭᠤᠬᠤ ︽ᠵᠢᠷᠭᠠᠯ ᠤᠨ ᠵᠠᠮ︾᠂ ᠠᠵᠤ ᠦᠢᠯᠡᠰ ᠤᠨ ᠬᠥᠭᠵᠢᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ︽ᠪᠠᠶᠠᠵᠢᠯ ᠤᠨ ᠵᠠᠮ︾᠎ ᠢ ᠨᠡᠪᠲᠡᠷᠡᠭᠦᠯᠵᠡᠢ᠃     ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠠᠮ ᠢ ᠬᠡᠷᠡᠭᠵᠢᠭᠦᠯᠬᠦ ᠪᠠᠷ ᠳᠡᠮᠵᠢᠨ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠪᠠ᠃ ᠡᠭᠦᠨ ᠤ ᠬᠠᠮᠲᠤ ᠲᠣᠯᠣᠭᠠᠶᠢᠯᠠᠭᠴᠢ ᠠᠵᠤ ᠠᠬᠤᠶᠢᠯᠠᠯ ᠤᠨ ᠲᠣᠰᠬᠤᠨ ᠳᠤ ᠪᠡᠯᠡ ᠣᠷᠣᠭᠤᠯᠤᠨ ᠦᠢᠯᠡᠰ ᠪᠣᠰᠬᠠᠬᠤ ᠳᠤ ᠲᠦᠭᠦᠮ ᠦᠵᠡᠭᠦᠯᠵᠦ᠂ ᠲᠣᠰᠬᠤᠨ ᠤ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠪᠦᠭᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠬᠤ ᠳᠤ ᠰᠠᠭᠤᠷᠢ ᠲᠠᠯᠪᠢᠵᠤ ᠥᠭᠴᠡᠢ᠂ ᠲᠣᠰᠬᠤᠨ ᠤ ᠠᠷᠠᠳ ᠴᠤ ᠨᠡᠩ ᠢᠲᠡᠭᠡᠯ ᠵᠣᠷᠢᠭ ᠲᠠᠢ ᠪᠣᠯᠣᠯ᠎ᠠ︾ ᠭᠡᠵᠦ ᠸᠠᠩ ᠱᠧᠩ ᠴᠢᠤᠸᠠᠨ ᠬᠡᠯᠡᠨ᠎ᠡ᠃     ᠵᠠᠮ ᠨᠡᠪᠲᠡᠷᠡᠵᠦ᠂ ᠠᠵᠤ ᠠᠬᠤᠢ ᠰᠠᠶᠢᠵᠢᠷᠠᠵᠤ᠂ ᠠᠵᠤ ᠦᠢᠯᠡᠰ ᠬᠥᠭᠵᠢᠪᠡ᠃ ᠣᠶᠢᠯᠠᠭᠠᠭᠰᠠᠨ ᠢᠶᠠᠷ᠂ ᠲᠣᠰ ᠬᠤᠰᠢᠭᠤᠨ ᠤ 2023 ᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 1.59 ᠳ᠋ᠦᠩᠰᠢᠭᠤᠷ ᠲᠥᠭᠦᠷᠢᠭ ᠲᠤ ᠬᠦᠷᠴᠦ᠂ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠤᠷᠳᠤ ᠨᠢ 411.8 ᠺᠢᠯᠣᠮᠧᠲᠷ ᠪᠠᠶᠢᠵᠤ᠂ 7 ᠰᠤᠮᠤ ᠪᠠᠯᠭᠠᠰᠤᠨ ᠤ 45 ᠭᠠᠴᠠᠭ᠎ᠠ ᠲᠣᠰᠬᠤᠨ ᠳᠤ ᠬᠤᠯᠪᠣᠭᠳᠠᠵᠤ᠂ ᠣᠳᠣᠬᠠᠨ ᠳᠤ ᠨᠢᠭᠡᠨᠲᠡ ᠪᠦᠭᠦᠨ ᠢ ᠠᠵᠢᠯ ᠳᠠᠭᠤᠰᠬᠠᠪᠠ᠃ ᠣᠳᠣᠬᠠᠨ ᠳᠤ᠂ ᠤᠷᠠᠳ ᠤᠨ ᠳᠤᠮᠳᠠᠳᠤ ᠬᠤᠰᠢᠭᠤᠨ ᠤ ᠪᠦᠭᠦ ᠤᠷᠳᠤ ᠨᠢ 4400 ᠭᠠᠷᠤᠢ ᠺᠢᠯᠣᠮᠧᠲᠷ ᠪᠦᠬᠦᠢ ᠬᠥᠳᠡᠭᠡ ᠲᠣᠰᠬᠤᠨ ᠤ ᠵᠠᠰᠠᠮᠠᠯ ᠵᠠᠮ ᠨᠢ ᠶᠠᠭ ᠬᠢᠯᠭᠠᠰᠤᠨ ᠰᠤᠳᠠᠯ ᠰᠢᠭ᠋ ᠢᠶᠠᠷ ᠰᠤᠮᠤ ᠪᠠᠯᠭᠠᠰᠤ ᠪᠣᠯᠣᠨ ᠲᠣᠰᠬᠤᠨ ᠳᠤᠭᠤᠶᠢᠯᠠᠩ ᠢ ᠬᠤᠯᠪᠣᠵᠤ᠂ ᠲᠣᠰᠬᠤᠨ ᠤ ᠠᠷᠠᠳ ᠤᠨ ︽ᠪᠠᠶᠠᠵᠢᠯ ᠤᠨ ᠵᠠᠮ︾᠎ ᠳᠤ ᠲᠦᠷᠭᠡᠨ ᠠᠯᠬᠤᠨ ᠣᠷᠣᠬᠤ ᠳᠤ ᠬᠦᠴᠦᠨ ᠨᠡᠮᠡᠷᠢᠯᠡᠵᠦ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ