ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ 160 ᠳ᠋ᠦᠩᠰᠢᠭᠤᠷ ᠲᠥᠭᠦᠷᠢᠭ ᠢ ᠳᠠᠪᠠᠪᠠ
ᠨᠡᠶᠢᠲᠡᠯᠡᠭᠰᠡᠨ ᠴᠠᠭ᠄
2024/2/20
     ᠡᠯ᠎ᠡ ᠭᠠᠵᠠᠷ ᠤᠨ ᠬᠢᠨ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ᠂ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠭᠦᠨᠵᠡᠭᠡᠢ ᠠᠬᠢᠭᠤᠯᠵᠤ᠂ ᠤᠳᠤ ᠪᠦᠭᠦ ᠣᠷᠣᠨ ᠤ ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠲᠡᠵᠢᠭᠡᠯ ᠪᠣᠷᠳᠣᠭᠠᠨ ᠳᠤ ᠬᠡᠷᠡᠭᠯᠡᠬᠦ ᠨᠣᠬᠠᠢ  ᠶᠢᠨ ᠬᠤᠰᠢᠭᠤ᠂ ᠬᠢᠶᠠᠭ ᠡᠪᠡᠰᠦ ᠵᠡᠷᠭᠡ ᠲᠡᠵᠢᠭᠡᠯ ᠡᠪᠡᠰᠦ ᠪᠣᠷᠳᠤᠭ᠎ᠠ ᠲᠠᠷᠢᠬᠤ ᠲᠠᠯᠠᠪᠠᠢ 1800 ᠲᠦᠮᠡᠨ ᠮᠦ ᠳᠤ ᠬᠦᠷᠴᠦ᠂ ᠤᠨᠠᠯᠲᠠ ᠨᠢ 2000 ᠲᠦᠮᠡᠨ ᠲᠤᠨ ᠢ ᠳᠠᠪᠠᠨ᠂ ᠡᠰᠢ ᠰᠦᠷᠡᠯ ᠢ ᠲᠡᠵᠢᠭᠡᠯ ᠡᠪᠡᠰᠦ ᠪᠣᠷᠳᠤᠭ᠎ᠠ ᠪᠣᠯᠭᠠᠨ ᠠᠰᠢᠭᠯᠠᠬᠤ ᠨᠣᠷᠮ᠎ᠠ 63% ᠳᠤ ᠬᠦᠷᠴᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠲᠡᠵᠢᠭᠡᠯ ᠡᠪᠡᠰᠦᠨ ᠤ ᠭᠠᠷᠤᠯᠲᠠ 3000 ᠲᠦᠮᠡᠨ ᠲᠤᠨ ᠢ ᠳᠠᠪᠠᠨ᠂ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ 160 ᠳ᠋ᠦᠩᠰᠢᠭᠤᠷ ᠲᠥᠭᠦᠷᠢᠭ  ᠢ ᠳᠠᠪᠠᠵᠤ ᠪᠤᠢ᠃     ᠣᠶᠢᠷ᠎ᠠ ᠶᠢᠨ ᠵᠢᠯ ᠳᠤ ᠮᠠᠨ ᠤ ᠣᠷᠣᠨ ᠡᠪᠡᠰᠦᠨ ᠤ ᠠᠵᠤ ᠦᠢᠯᠡᠰ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ  ᠤ ᠬᠠᠯᠬᠠᠪᠴᠢ ᠶᠢ ᠪᠦᠲᠦᠭᠡᠨ ᠪᠠᠶᠢᠭᠤᠯᠬᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠢ ᠪᠦᠲᠦᠭᠡᠨ ᠪᠠᠶᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠪᠤᠯᠭᠠᠵᠤ᠂ ᠡᠪᠡᠰᠦᠨ ᠤ ᠠᠵᠤ ᠦᠢᠯᠡᠰ ᠤᠨ ᠲᠠᠷᠢᠬᠤ᠂ ᠠᠷᠠᠴᠢᠯᠠᠬᠤ᠂ ᠡᠳ᠋ᠰᠢᠭᠦᠯᠬᠦ᠂ ᠪᠣᠷᠣᠯᠠᠭᠤᠯᠬᠤ ᠪᠦᠷᠢᠨ ᠬᠡᠯᠬᠢᠶ᠎ᠡ  ᠶᠢᠨ ᠴᠢᠨᠠᠷ ᠰᠠᠶᠢᠲᠠᠢ ᠬᠥᠭᠵᠢᠯᠲᠡ ᠶᠢ ᠪᠦᠭᠦ ᠬᠦᠴᠦᠨ ᠢᠶᠠᠷ ᠠᠬᠢᠭᠤᠯᠤᠭᠰᠠᠨ ᠪᠠᠶᠢᠨ᠎ᠠ᠃ ᠣᠳᠣᠬᠠᠨ ᠪᠤᠯᠳᠠᠯ᠎ᠠ ᠮᠠᠨ ᠤ ᠣᠷᠣᠨ ᠨᠡᠶᠢᠳᠡ 217 ᠵᠦᠢᠯ ᠤᠨ ᠡᠪᠡᠰᠦᠨ ᠤ ᠡᠭᠦᠯᠳᠡᠷ ᠢ ᠪᠣᠶᠢᠵᠢᠭᠤᠯᠵᠤ᠂ ᠡᠪᠡᠰᠦᠨ ᠤ ᠡᠭᠦᠯᠳᠡᠷ ᠪᠣᠶᠢᠵᠢᠭᠤᠯᠬᠤ ᠰᠠᠭᠤᠷᠢᠨ ᠤ ᠳᠠᠯᠠᠪᠠᠢ ᠨᠢ 26.5 ᠲᠦᠮᠡᠨ ᠮᠦ ᠳᠤ ᠬᠦᠷᠴᠦ᠂ ᠡᠭᠦᠨ ᠳᠤ ᠤᠨᠠᠯᠳᠠ ᠲᠠᠢ ᠪᠣᠯᠤᠭᠰᠠᠨ ᠡᠪᠡᠰᠦᠨ ᠤ ᠡᠭᠦᠯᠳᠡᠷ ᠪᠣᠶᠢᠵᠢᠭᠤᠯᠬᠤ ᠲᠠᠯᠠᠪᠠᠢ ᠨᠢ 17.6 ᠲᠦᠮᠡᠨ ᠮᠦ ᠳᠤ ᠬᠦᠷᠴᠡᠢ᠃     ᠡᠪᠡᠰᠦᠨ ᠤ ᠠᠵᠤ ᠦᠢᠯᠡᠰ ᠤᠨ ᠬᠥᠭᠵᠢᠨ ᠪᠤᠵᠠᠭᠠᠶᠢᠷᠠᠭᠰᠠᠨ ᠨᠢ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠶᠠᠰᠤ ᠴᠢᠨᠠᠷ ᠪᠠ ᠬᠡᠮᠵᠢᠶ᠎ᠡ ᠶᠢ ᠪᠦᠲᠦᠮᠵᠢᠲᠡᠢ ᠪᠠᠷ ᠳᠡᠭᠡᠭᠰᠢᠯᠡᠭᠦᠯᠪᠡ᠃ ᠣᠳᠣᠬᠠᠨ ᠳᠤ ᠮᠠᠨ ᠤ ᠣᠷᠣᠨ ᠤ ᠦᠨᠢᠶᠡᠨ ᠰᠦ᠂ ᠬᠤᠨᠢᠨ ᠮᠢᠬ᠎ᠠ᠂ ᠦᠬᠡᠷ ᠤᠨ ᠮᠢᠬ᠎ᠠ᠂ ᠢᠮᠠᠭᠠᠨ ᠨᠣᠣᠯᠣᠭᠤᠷ ᠤᠨ ᠭᠠᠷᠤᠯᠲᠠ ᠴᠥᠮ ᠪᠦᠭᠦ ᠤᠯᠤᠰ ᠲᠤ ᠲᠦᠷᠦᠭᠦᠯᠡᠵᠦ᠂ ᠵᠢᠯ ᠪᠦᠷᠢ 630 ᠲᠦᠮᠡᠨ ᠲᠤᠨ ᠦᠨᠢᠶᠡᠨ ᠰᠦ᠂ 155 ᠲᠦᠮᠡᠨ ᠲᠤᠨ ᠦᠬᠡᠷ ᠬᠤᠨᠢᠨ ᠮᠢᠬ᠎ᠠ ᠶᠢ ᠣᠷᠣᠨ ᠤ ᠭᠠᠳᠠᠨ᠎ᠠ ᠪᠣᠷᠣᠯᠠᠭᠤᠯᠵᠤ᠂ 6000 ᠲᠤᠨ ᠢᠮᠠᠭᠠᠨ ᠨᠣᠣᠯᠣᠭᠤᠷ ᠬᠤᠷᠢᠶᠠᠨ᠂ ᠨᠡᠷ᠎ᠡ ᠨᠢᠳᠡᠷ ᠲᠡᠭᠡᠨ ᠨᠡᠶᠢᠴᠡᠭᠰᠡᠨ ᠪᠦᠭᠦ ᠤᠯᠤᠰ ᠤᠨ︽ᠮᠢᠬᠠᠨ ᠤ ᠬᠥᠮᠥᠷᠭᠡ︾᠂ ︽ᠰᠦ ᠶᠢᠨ ᠬᠥᠨᠥᠭ︾᠂ ︽ᠨᠣᠣᠯᠣᠭᠤᠷ ᠤᠨ ᠬᠤᠲᠠ︾ᠪᠣᠯᠤᠭᠰᠠᠨ ᠶᠤᠮ᠃     ᠡᠪᠡᠰᠦᠨ ᠤ ᠠᠵᠤ ᠦᠢᠯᠡᠰ ᠪᠣᠯ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠮᠠᠯ ᠠᠵᠤ ᠠᠬᠤᠢ ᠲᠠᠷᠢᠶᠠᠯᠠᠩ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢᠨ ᠴᠢᠬᠤᠯᠠ ᠬᠦᠴᠦᠯᠡᠬᠦ ᠴᠡᠭ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ ᠵᠣᠣ ᠢᠦᠢ ᠱᠧᠩ ᠤᠨ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ 10 ᠲᠦᠮᠡᠨ ᠬᠡᠪᠴᠢᠶᠡᠵᠢᠭᠦᠯᠦᠭᠰᠡᠨ ᠲᠡᠵᠢᠭᠡᠪᠦᠷᠢ ᠶᠢᠨ ᠲᠠᠯᠠᠪᠠᠢ ᠲᠠᠢ ᠪᠣᠯᠵᠤ᠂ ᠲᠡᠵᠢᠭᠡᠨ ᠦᠷᠡᠵᠢᠭᠦᠯᠬᠦ ᠬᠡᠪᠴᠢᠶᠡᠵᠢᠭᠦᠯᠦᠯᠲᠡ ᠶᠢᠨ ᠨᠤᠷᠮ᠎ᠠ 74% ᠳᠤ ᠬᠦᠷᠴᠦ ᠪᠤᠢ᠃ ᠮᠠᠯᠵᠢᠬᠤ ᠣᠷᠣᠨ ᠤ ᠲᠡᠵᠢᠭᠡᠯ ᠡᠪᠡᠰᠦ ᠪᠣᠷᠳᠤᠭ᠎ᠠ ᠶᠢᠨ ᠨᠥᠭᠡᠴᠡᠯᠡᠬᠦ ᠴᠢᠳᠠᠪᠤᠷᠢ 1100 ᠲᠦᠮᠡᠨ ᠲᠤᠨ ᠳᠤ ᠬᠦᠷᠴᠦ᠂ ᠪᠡᠯᠴᠢᠭᠡᠷᠯᠡᠭᠦᠯᠦᠨ ᠮᠠᠯᠵᠢᠬᠤ ᠶᠢ ᠬᠠᠰᠢᠶᠠᠯᠠᠨ ᠲᠡᠵᠢᠭᠡᠬᠦ ᠪᠠ ᠬᠠᠭᠠᠰ ᠬᠠᠰᠢᠶᠠᠯᠠᠨ ᠲᠡᠵᠢᠭᠡᠬᠦ ᠲᠡᠶᠢᠰᠢ ᠲᠦᠷᠭᠡᠳᠬᠡᠨ ᠬᠤᠪᠢᠷᠠᠭᠤᠯᠵᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠷᠤᠭᠠᠰᠤ ᠶᠢ ᠪᠦᠲᠦᠮᠵᠢᠲᠡᠢ ᠬᠥᠩᠭᠡᠷᠡᠭᠦᠯᠪᠡ᠃ ᠡᠪᠡᠰᠦᠨ ᠤ ᠠᠵᠤ ᠦᠢᠯᠡᠰ ᠤᠨ ᠦᠢᠯᠡᠳᠬᠦᠨ ᠤ ᠥᠷᠲᠡᠭ 160 ᠳ᠋ᠦᠩᠰᠢᠭᠤᠷ ᠲᠥᠭᠦᠷᠢᠭ ᠢ ᠳᠠᠪᠠᠨ᠂ ᠲᠡᠵᠢᠭᠡᠯ ᠪᠣᠷᠳᠣᠭᠠᠨ ᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 300 ᠳ᠋ᠦᠩᠰᠢᠭᠤᠷ ᠲᠥᠭᠦᠷᠢᠭ ᠢ ᠳᠠᠪᠠᠵᠤ᠂ ᠴᠥᠮ ᠪᠦᠭᠦ ᠤᠯᠤᠰ ᠲᠤ ᠲᠦᠷᠦᠭᠦᠯᠡᠵᠦ ᠪᠠᠶᠢᠨ᠎ᠠ᠃ ᠼᠤᠤ ᠳ᠋ᠦ᠋᠂ ᠮᠧᠩ ᠼᠤᠤ᠂ ᠵᠧᠩ ᠱᠢ ᠵᠡᠷᠭᠡ ᠨᠢᠭᠡ ᠪᠦᠯᠦᠭ ᠡᠪᠡᠰᠦᠨ ᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠡᠳᠦᠷ ᠢᠷᠡᠬᠦᠶ᠎ᠡ ᠪᠤᠵᠠᠭᠠᠶᠢᠷᠠᠵᠤ᠂ ᠲᠠᠷᠢᠬᠤ᠂ ᠬᠠᠳᠤᠵᠤ ᠬᠤᠷᠢᠶᠠᠬᠤ᠂ ᠡᠳ᠋ᠰᠢᠭᠦᠯᠬᠦ᠂ ᠨᠥᠭᠡᠴᠡᠯᠡᠬᠦ᠂ ᠲᠡᠭᠡᠭᠡᠪᠦᠷᠢᠯᠡᠬᠦ ᠪᠠ ᠪᠣᠷᠣᠯᠠᠭᠤᠯᠬᠤ ᠵᠡᠷᠭᠡ ᠪᠦᠭᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠬᠤᠷᠳᠤᠴᠠ ᠶᠢ ᠲᠠᠰᠤᠷᠠᠯᠲᠠ ᠦᠭᠡᠢ ᠲᠦᠷᠭᠡᠳᠬᠡᠵᠦ ᠪᠤᠢ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ