ᠰᠠᠮ ᠬᠤᠷᠣᠬᠠᠢ ᠲᠡᠵᠢᠭᠡᠭᠰᠡᠨ ᠪᠦᠳᠦᠮᠵᠢᠳᠡᠢ ᠲᠤᠷᠰᠢᠴᠠ
ᠨᠡᠶᠢᠲᠡᠯᠡᠭᠰᠡᠨ ᠴᠠᠭ᠄
2024/2/20
     ᠡᠪᠦᠯ ᠤᠨ ᠡᠬᠢ ᠪᠠᠷ᠂ ᠬᠠᠩᠭᠢᠨ ᠬᠤᠰᠢᠭᠤᠨ ᠤ ᠵᠢᠷᠭᠠᠯᠠᠩᠲᠤ ᠪᠠᠯᠭᠠᠰᠤᠨ ᠤ ᠭᠤᠸᠠᠩ ᠮᠣᠣ ᠳᠤᠰᠬᠤᠨ ᠳᠤ ᠬᠦᠷᠬᠦ ᠳᠤ ᠠᠵᠢᠯᠲᠠᠳ ᠣᠩᠭᠤᠴᠠ ᠰᠡᠯᠢᠵᠦ ᠲᠣᠣᠷ ᠲᠠᠯᠪᠢᠭᠠᠳ ᠰᠠᠮ ᠬᠤᠷᠢᠶᠠᠵᠤ ᠶᠠᠭᠠᠷᠠᠯᠳᠤᠨ᠎ᠠ᠃ ︽ᠮᠠᠨ ᠤ ᠲᠡᠵᠢᠭᠡᠭᠰᠡᠨ ᠡᠮᠦᠨᠡᠲᠦ ᠠᠮᠧᠷᠢᠺᠠ ᠶᠢᠨ ᠴᠠᠭᠠᠨ ᠰᠠᠮ ᠤᠨ ᠪᠡᠶ᠎ᠡ ᠨᠢ ᠶᠡᠭᠡ᠂ ᠵᠢᠩ ᠳᠡᠭᠡᠨ 30 ᠲᠥᠭᠦᠷᠢᠭ ᠲᠤ ᠭᠦᠷᠳᠡᠭ᠂ ᠡᠨᠡ ᠵᠢᠯ ᠪᠠᠷᠤᠭ ᠮᠦ ᠪᠦᠷᠢ ᠠᠴᠠ 1500 ᠵᠢᠩ ᠰᠢᠬᠠᠮ ᠰᠠᠮ ᠬᠤᠷᠢᠶᠠᠨ᠎ᠠ︾ ᠭᠡᠵᠦ ᠬᠠᠩᠭᠢᠨ ᠬᠤᠰᠢᠭᠤᠨ ᠤ ᠵᠢᠷᠭᠠᠯᠠᠩᠲᠤ ᠪᠠᠯᠭᠠᠰᠤᠨ ᠤ ᠳ᠋ᠦᠩ ᠱᠥᠸᠧ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠤ ᠬᠠᠷᠢᠭᠤᠴᠠᠯᠭᠠᠲᠠᠨ ᠽᠧᠩ ᠴᠤᠸᠠᠨ ᠳ᠋ᠦᠩ ᠡᠯᠪᠡᠭ ᠬᠤᠷᠢᠶᠠᠯᠲᠠ  ᠶᠢᠨ ᠳᠠᠩᠰᠠ ᠪᠠᠨ ᠪᠤᠳᠤᠨ ᠪᠠᠶᠠᠰᠤᠨ᠎ᠠ᠃     ᠣᠶᠢᠯᠠᠭᠠᠭᠰᠠᠨ ᠢᠶᠠᠷ᠂ ᠡᠨᠡ ᠬᠦ 200 ᠮᠦ ᠶᠢᠨ ᠲᠡᠵᠢᠭᠡᠨ ᠦᠷᠡᠵᠢᠭᠦᠯᠬᠦ ᠰᠠᠭᠤᠷᠢᠨ ᠪᠣᠯ ᠬᠠᠩᠭᠢᠨ ᠬᠤᠰᠢᠭᠤᠨ ᠤ ᠬᠤᠵᠢᠷᠯᠢᠭ ᠭᠠᠵᠠᠷ ᠢ ᠪᠦᠳᠦᠮᠵᠢᠳᠡᠢ ᠠᠰᠢᠭᠯᠠᠵᠤ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠦᠭᠰᠡᠨ ᠠᠮᠢᠳᠤᠯᠢᠭ ᠵᠢᠱᠢᠶ᠎ᠡ ᠪᠣᠯᠣᠨ᠎ᠠ᠃ 2021 ᠣᠨ ᠳᠤ ᠬᠠᠩᠭᠢᠨ ᠬᠤᠰᠢᠭᠤᠨ ᠤ ᠵᠢᠷᠭᠠᠯᠠᠩᠲᠤ ᠪᠠᠯᠭᠠᠰᠤ ᠠᠵᠤ ᠦᠢᠯᠡᠰ ᠤᠨ ᠪᠦᠲᠦᠴᠡ ᠪᠠᠨ ᠲᠣᠬᠢᠷᠠᠭᠤᠯᠬᠤ ᠶᠢ ᠠᠬᠢᠭᠤᠯᠵᠤ᠂ ᠬᠤᠵᠢᠷᠯᠢᠭ ᠭᠠᠵᠠᠷ ᠢ ᠠᠰᠢᠭᠯᠠᠬᠤ ᠬᠦᠴᠢᠷ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠬᠦ ᠶᠢᠨ ᠲᠥᠯᠥᠭᠡ᠂ ᠳ᠋ᠦᠩ ᠱᠥᠸᠧ ᠤᠰᠤᠨ ᠭᠠᠷᠤᠯᠲᠠ ᠶᠢᠨ ᠲᠡᠵᠢᠭᠡᠪᠦᠷᠢ ᠶᠢᠨ ᠺᠤᠮᠫᠠᠨᠢ ᠶᠢ ᠤᠷᠢᠨ ᠠᠪᠴᠢᠷᠠᠭᠠᠳ᠂ ᠭᠤᠸᠠᠩ ᠮᠣᠣ ᠳᠤᠰᠬᠤᠨ ᠳᠤ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠪᠠᠶᠢᠭᠤᠯᠤᠨ᠂ ︽ᠳᠤᠰᠬᠤᠨ ᠤ ᠬᠠᠮᠲᠤ ᠶᠢᠨ ᠠᠵᠤ ᠠᠬᠤᠢ ᠭᠠᠵᠠᠷ ᠰᠢᠷᠣᠢ ᠪᠠᠷ ᠬᠤᠪᠢ ᠣᠷᠣᠬᠤ + ᠺᠤᠮᠫᠠᠨᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ︾ ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠵᠠᠭᠪᠤᠷ ᠢ ᠪᠦᠷᠢᠯᠳᠦᠭᠦᠯᠵᠦ᠂ ᠣᠨᠴᠠᠯᠢᠭᠲᠤ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠦᠨ᠂ ᠬᠤᠵᠢᠷᠯᠢᠭ ᠭᠠᠵᠠᠷ ᠲᠤ ᠡᠮᠦᠨᠡᠲᠦ ᠠᠮᠧᠷᠢᠺᠠ ᠶᠢᠨ ᠴᠠᠭᠠᠨ ᠰᠠᠮ ᠢ ᠲᠡᠵᠢᠭᠡᠵᠡᠢ᠃ ᠨᠢᠳᠤᠨᠤᠨ ᠳᠤᠰᠬᠤᠨ  ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠨᠢ 35 ᠲᠦᠮᠡᠨ ᠲᠥᠭᠦᠷᠢᠭ ᠢ ᠳᠠᠪᠠᠵᠤ᠂ ᠣᠶᠢᠷ᠎ᠠ ᠣᠷᠴᠢᠮ ᠤᠨ ᠲᠠᠷᠢᠶᠠᠴᠢᠳ ᠤᠨ ᠠᠵᠢᠯ ᠣᠯᠭᠤᠯᠲᠠ ᠶᠢ ᠳᠠᠶᠢᠴᠢᠯᠠᠬᠤ ᠶᠢᠨ ᠬᠠᠮᠲᠤ ᠬᠤᠵᠢᠷᠯᠢᠭ ᠭᠠᠵᠠᠷ ᠢ ᠪᠦᠳᠦᠮᠵᠢᠳᠡᠢ ᠠᠰᠢᠭᠯᠠᠬᠤ ᠳᠤ ᠰᠢᠨ᠎ᠡ ᠲᠤᠷᠰᠢᠯᠭ᠎ᠠ ᠬᠠᠩᠭᠠᠵᠠᠢ᠃     ᠣᠶᠢᠷ᠎ᠠ ᠶᠢᠨ ᠵᠢᠯ ᠠᠴᠠ ᠨᠠᠭᠠᠰᠢ᠂ ᠬᠠᠩᠭᠢᠨ ᠬᠤᠰᠢᠭᠤ ᠬᠥᠳᠡᠭᠡ ᠲᠤᠰᠬᠤᠨ ᠤ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠᠨ ᠦᠷᠭᠦᠯᠵᠢᠯᠡᠨ ᠰᠢᠯᠢᠳᠡᠭᠵᠢᠭᠦᠯᠦᠨ᠂ ︽ᠨᠢᠭᠡ ᠳᠤᠰᠬᠤᠨ ᠨᠢᠭᠡ ᠳᠦᠷᠦᠯ ᠲᠡᠮᠳᠡᠭ ᠪᠠᠶᠢᠬᠤ︾᠂ ︽ᠨᠢᠭᠡ ᠪᠠᠯᠭᠠᠰᠤ ᠨᠢᠭᠡ ᠠᠵᠤ ᠦᠢᠯᠡᠰ ᠪᠠᠶᠢᠬᠤ︾ ᠬᠥᠭᠵᠢᠯᠲᠡ ᠶᠢᠨ ᠰᠡᠳᠬᠢᠮᠵᠢ ᠶᠣᠰᠣᠭᠠᠷ ︽ᠠᠵᠤ ᠦᠢᠯᠡᠰ + ᠠᠵᠤ ᠦᠢᠯᠡᠰ ᠤᠨ ᠬᠡᠷᠡᠭᠯᠡᠭᠡ + ᠠᠵᠤ ᠦᠢᠯᠡᠰ ᠤᠨ ᠦᠢᠯᠡᠴᠢᠯᠡᠭᠡ︾ ᠵᠡᠷᠭᠡ ᠠᠵᠤ ᠦᠢᠯᠡᠰ ᠤᠨ ᠰᠦᠷᠦᠭᠵᠢᠯ ᠤᠨ ᠲᠣᠭᠲᠠᠴᠠ  ᠶᠢᠨ ᠰᠢᠨ᠎ᠡ ᠶᠢ ᠡᠭᠦᠳᠦᠨ᠂ ᠨᠡᠶᠢᠭᠡᠮ᠂ ᠠᠵᠤ ᠠᠬᠤᠢ᠂ ᠠᠮᠢ ᠠᠬᠤᠢ ᠶᠢᠨ ᠭᠤᠷᠮᠤᠰᠤᠨ ᠦᠷ᠎ᠡ ᠠᠰᠢᠭ ᠢ ᠵᠡᠷᠭᠡ ᠪᠠᠷ ᠡᠭᠦᠳᠴᠦ᠂ ᠬᠥᠳᠡᠭᠡ ᠳᠤᠰᠬᠤᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠂ ᠪᠠᠶᠠᠵᠢᠯ ᠤᠨ ᠵᠠᠮ ᠢᠶᠠᠷ ᠵᠠᠮᠨᠠᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ