ᠮᠠᠨ ᠤ ᠣᠷᠣᠨ ᠭᠠᠩ ᠬᠠᠭᠰᠠᠷᠠᠭᠠᠨ ᠢ ᠪᠦᠳᠦᠮᠵᠢᠳᠠᠢ ᠠᠷᠭᠠᠴᠠᠭᠠᠵᠤ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ
ᠨᠡᠶᠢᠲᠡᠯᠡᠭᠰᠡᠨ ᠴᠠᠭ᠄
2024/2/21
     ᠪᠦᠭᠦ ᠣᠷᠣᠨ ᠤ ᠬᠠᠪᠤᠷ ᠤᠨ ᠲᠠᠷᠢᠶᠠᠯᠠᠭ᠎ᠠ ᠨᠢᠭᠡᠨᠲᠡ ᠰᠢᠪᠲᠤᠷᠠᠭᠠᠨ ᠳᠠᠭᠠᠨ ᠣᠷᠣᠵᠤ᠂ ᠠᠮᠤ ᠪᠤᠳᠠᠭᠠᠨ ᠤ ᠲᠠᠷᠢᠮᠠᠯ ᠳᠠᠷᠢᠭᠰᠠᠨ ᠠᠬᠢᠴᠠ 96%᠎ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠪᠲᠤᠷ ᠪᠤᠶᠤ ᠪᠠᠭ᠋ᠠᠨ ᠲᠦᠷᠭᠡᠨ ᠪᠠᠶᠢᠵᠤ᠂ ᠨᠢᠭᠡᠨᠲᠡ ᠴᠢᠬᠢ ᠪᠠᠷᠢᠭᠰᠠᠨ ᠲᠠᠷᠢᠮᠠᠯ ᠤᠨ ᠳᠣᠲᠣᠷ᠎ᠠ ᠨᠢᠭᠡᠳᠦᠭᠡᠷ᠂ ᠬᠤᠶᠠᠳᠤᠭᠠᠷ ᠲᠥᠷᠥᠯ ᠤᠨ ᠲᠠᠷᠢᠶᠠᠨ ᠴᠢᠬᠢ ᠶᠢᠨ ᠡᠵᠡᠯᠡᠬᠦ ᠬᠠᠷᠢᠴᠠᠯ 96%᠎ ᠳᠤ ᠬᠦᠷᠴᠡᠢ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠠᠴᠠ ᠭᠠᠩᠳᠠᠭᠰᠠᠨ ᠭᠠᠵᠠᠷ ᠣᠷᠣᠨ ᠤ ᠲᠠᠷᠢᠶᠠᠴᠢᠳ ᠢ ᠢᠳᠡᠪᠬᠢᠲᠡᠢ ᠪᠠᠷ ᠵᠢᠯᠣᠭᠤᠳᠤᠨ ᠭᠠᠩ ᠬᠠᠭᠰᠠᠷᠠᠭᠠᠨ ᠢ ᠠᠷᠭᠠᠴᠠᠭᠠᠬᠤ ᠪᠦᠳᠦᠮᠵᠢᠳᠠᠢ ᠠᠷᠭ᠎ᠠ ᠬᠡᠮᠵᠢᠶ᠎ᠡ ᠠᠪᠴᠤ᠂ ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠦᠭᠦ ᠬᠦᠴᠦᠨ ᠢᠶᠠᠷ ᠎ ᠢᠶᠠᠨ ᠪᠠᠲᠤᠯᠠᠪᠠ᠃     — ᠡᠷᠲᠡ ᠠᠴᠠ ᠲᠣᠬᠢᠷᠠᠭᠤᠯᠤᠨ ᠪᠠᠶᠢᠷᠢᠯᠠᠭᠤᠯᠪᠠ᠃ ᠵᠢᠯ ᠤᠨ ᠡᠬᠢᠨ ᠳᠤ ᠨᠢᠭᠡᠨᠲᠡ ᠪᠠᠶᠢᠷᠢᠯᠠᠭᠤᠯᠤᠭᠰᠠᠨ ᠬᠦᠨᠳᠦ ᠶᠡᠭᠡ ᠪᠠᠶᠢᠭᠠᠯᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠠᠭᠤᠷᠢᠨ ᠳᠡᠭᠡᠷ᠎ᠡ ︽2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠎ ᠤᠨ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠤᠨ ᠲᠥᠰᠥᠯ︾ ᠪᠣᠯᠣᠨ ︽2023 ᠣᠨ ᠤ ᠮᠠᠯ ᠠᠵᠤ ᠠᠬᠤᠢ ᠶᠢᠨ ᠠᠮᠤᠷ ᠲᠦᠪᠰᠢᠨ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠡᠷᠲᠡ ᠠᠴᠠ ᠠᠷᠭᠠᠴᠠᠭᠠᠵᠤ ᠤᠷᠢᠳᠴᠢᠯᠠᠨ ᠰᠡᠷᠭᠡᠶᠢᠯᠡᠪᠡ᠃     — ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠥᠷᠨᠢᠭᠦᠯᠪᠡ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠤᠨ ᠬᠢᠨᠠᠨ ᠬᠡᠮᠵᠢᠯᠲᠡ ᠶᠢ ᠴᠢᠩᠭᠠᠳᠬᠠᠵᠤ᠂ ᠴᠠᠭ ᠠᠭᠤᠷ ᠤᠨ ᠰᠠᠯᠠᠭ᠎ᠠ ᠮᠥᠴᠢᠷ ᠲᠠᠢ ᠬᠤᠯᠪᠤᠭᠠᠯᠠᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠭᠦ ᠶᠢ ᠮᠡᠳᠡᠭᠳᠡᠵᠦ᠂ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡ 638 ᠬᠤᠭᠤᠴᠠᠭ᠎ᠠ ᠨᠡᠶᠢᠲᠡᠯᠡᠨ᠂ ᠴᠠᠭ ᠠᠭᠤᠷ ᠎ ᠤᠨ ᠤᠷᠢᠳᠴᠢᠯᠠᠨ ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ 15 ᠬᠤᠭᠤᠴᠠᠭ᠎ᠠ ᠨᠡᠶᠢᠲᠡᠯᠡᠵᠦ᠂ ᠲᠠᠷᠢᠶᠠᠴᠢᠳ ᠢ ᠵᠢᠯᠣᠭᠤᠳᠤᠨ ᠴᠠᠭ ᠲᠤᠬᠠᠢ ᠳᠤᠨᠢ ᠲᠠᠷᠢᠶ᠎ᠠ ᠲᠥᠮᠥᠰᠥ ᠪᠠᠨ ᠲᠠᠷᠢᠬᠤ ᠶᠢ ᠪᠠᠲᠤᠯᠠᠵᠠᠢ᠃     — ᠮᠡᠷᠭᠡᠵᠢᠯ ᠤᠨ ᠦᠢᠯᠡᠴᠢᠯᠡᠭᠡᠨ ᠤ ᠵᠢᠯᠣᠭᠤᠳᠤᠯᠭ᠎ᠠ ᠶᠢ ᠴᠢᠩᠭᠠᠳᠬᠠᠪᠠ᠃ ᠭᠠᠩ ᠬᠠᠭᠰᠠᠷᠠᠭᠠᠨ ᠤ ᠪᠠᠶᠢᠳᠠᠯ ᠭᠠᠷᠤᠭᠰᠠᠨ ᠤ ᠳᠠᠷᠠᠭ᠎ᠠ ᠦᠷᠭᠦᠯᠵᠢᠯᠡᠨ ᠲᠤᠰᠬᠠᠢ ᠮᠡᠷᠭᠡᠵᠢᠯᠲᠡᠨ ᠢ ᠲᠣᠮᠢᠯᠠᠨ ᠭᠠᠩᠳᠠᠭᠰᠠᠨ ᠭᠠᠵᠠᠷ ᠣᠷᠣᠨ ᠳᠤ ᠣᠴᠢᠭᠤᠯᠵᠤ᠂ ᠲᠠᠷᠢᠮᠠᠯ ᠤᠨ ᠲᠦᠷᠦᠯ ᠵᠦᠢᠯ ᠬᠤᠪᠢᠶᠠᠨ᠂ ᠣᠷᠣᠨ ᠪᠦᠰᠡ ᠬᠤᠪᠢᠶᠠᠨ ᠲᠤᠬᠠᠢ ᠶᠢᠨ ᠭᠠᠵᠠᠷ ᠲᠤᠨᠢ ᠮᠡᠷᠭᠡᠵᠢᠯ ᠤᠨ ᠵᠢᠯᠣᠭᠤᠳᠤᠯᠭ᠎ᠠ ᠥᠷᠨᠢᠭᠦᠯᠪᠡ᠃ ᠣᠳᠣᠬᠠᠨ ᠳᠤ ᠡᠯ᠎ᠡ ᠭᠠᠩᠳᠠᠭᠰᠠᠨ ᠭᠠᠵᠠᠷ ᠤᠨ ᠬᠢᠨ ᠴᠥᠮ ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ ᠠᠮᠵᠢᠭᠤᠯᠤᠨ ᠲᠠᠷᠢᠶ᠎ᠠ ᠲᠥᠮᠥᠰᠥ ᠲᠠᠷᠢᠬᠤ ᠠᠵᠢᠯ ᠢ ᠵᠣᠬᠢᠶᠠᠨ ᠪᠠᠶᠢᠭᠤᠯᠵᠤ᠂ 592.3 ᠲᠦᠮᠡᠨ ᠮᠦ ᠲᠠᠷᠢᠶᠠᠨ ᠭᠠᠵᠠᠷ ᠲᠤ ᠤᠷᠢᠳ ᠢᠶᠠᠷ ᠤᠰᠤᠯᠠᠵᠤ ᠴᠢᠭᠢᠭ ᠠᠪᠤᠭᠤᠯᠤᠭᠰᠠᠨ ᠤ ᠲᠠᠷᠠᠭ᠎ᠠ ᠳᠠᠷᠢᠬᠤ ᠠᠷᠭ᠎ᠠ ᠶᠢ ᠬᠡᠷᠡᠭᠵᠢᠭᠦᠯᠵᠡᠢ᠃     — ᠭᠠᠩ ᠬᠠᠭᠰᠠᠷᠠᠭᠠᠨ ᠲᠠᠢ ᠲᠡᠮᠡᠴᠡᠬᠦ ᠡᠳ᠋ ᠪᠣᠳᠠᠰ ᠤᠨ ᠪᠠᠲᠤᠯᠠᠭ᠎ᠠ ᠶᠢ ᠨᠡᠮᠡᠭᠳᠡᠭᠦᠯᠪᠡ᠃ ᠡᠯ᠎ᠡ ᠭᠠᠵᠠᠷ ᠤᠨ ᠬᠢᠨ ᠢ ᠵᠣᠬᠢᠶᠠᠨ ᠪᠠᠶᠢᠭᠤᠯᠤᠨ ᠢᠳᠡᠪᠬᠢᠲᠡᠢ ᠎ ᠪᠠᠷ ᠪᠡᠯᠡ ᠮᠥᠩᠭᠦ ᠴᠤᠭᠯᠠᠭᠤᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠥᠷᠨᠢᠭᠦᠯᠵᠦ᠂ ᠡᠯ᠎ᠡ ᠭᠠᠵᠠᠷ ᠤᠨ ᠬᠢᠨ ᠨᠢᠭᠡᠨᠲᠡ 2.84 ᠳ᠋ᠦᠩᠰᠢᠭᠤᠷ ᠲᠥᠭᠦᠷᠢᠭ ᠤᠨ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠣᠷᠣᠭᠤᠯᠵᠤ᠂ ᠰᠠᠭᠠᠭ ᠪᠠ ᠨᠣᠬᠠᠢ ᠶᠢᠨ ᠬᠤᠰᠢᠭᠤ ᠵᠡᠷᠭᠡ ᠣᠬᠤᠷ ᠬᠤᠭᠤᠴᠠᠭᠠᠨ ᠳᠤ ᠪᠣᠯᠪᠠᠰᠤᠷᠠᠬᠤ ᠡᠯᠳᠡᠪ ᠠᠮᠤ ᠡᠯᠳᠡᠪ ᠪᠤᠷᠴᠠᠭ ᠤᠨ ᠲᠠᠷᠢᠮᠠᠯ ᠤᠨ ᠦᠷ᠎ᠡ ᠵᠡᠷᠭᠡ ᠶᠢ ᠨᠥᠭᠡᠴᠡᠯᠡᠨ᠂ ᠤᠰᠤᠯᠠᠯᠲᠠ ᠶᠢᠨ ᠳᠤᠨᠤᠭ ᠲᠥᠬᠦᠭᠡᠷᠦᠮᠵᠢ ᠶᠢ ᠵᠠᠰᠠᠵᠤ ᠬᠠᠮᠠᠭᠠᠯᠠᠬᠤ ᠠᠵᠢᠯ ᠥᠷᠨᠢᠭᠦᠯᠵᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠡᠪᠡᠳᠴᠢᠨ ᠪᠠ ᠬᠤᠷᠣᠬᠠᠢ ᠰᠢᠪᠠᠵᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠪᠡᠯᠡ ᠮᠥᠩᠭᠦ ᠶᠢ 2390 ᠲᠦᠮᠡᠨ ᠲᠥᠭᠦᠷᠢᠭ ᠪᠠᠭᠤᠯᠭᠠᠪᠠ᠃     — ᠭᠠᠮᠰᠢᠭ ᠤᠨ ᠪᠠᠶᠢᠳᠠᠯ ᠤᠨ ᠲᠣᠬᠢᠷᠠᠭᠤᠯᠤᠯᠲᠠ ᠶᠢᠨ ᠲᠤᠭ᠎ᠠ ᠶᠢ ᠣᠯᠠᠰᠢᠷᠠᠭᠤᠯᠪᠠ᠃ ᠬᠠᠪᠤᠷ ᠤᠨ ᠲᠠᠷᠢᠶᠠᠯᠠᠭ᠎ᠠ ᠡᠬᠢᠯᠡᠭᠰᠡᠨ ᠠᠴᠠ ᠨᠠᠭᠠᠰᠢ ᠭᠠᠮᠰᠢᠭ ᠤᠨ ᠪᠠᠶᠢᠳᠠᠯ ᠳᠤ ᠭᠠᠷᠠᠭ ᠤᠨ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠤᠨ ᠪᠠᠶᠢᠳᠠᠯ ᠢ ᠴᠠᠭ ᠲᠤᠬᠠᠢ ᠳᠤᠨᠢ ᠡᠵᠡᠮᠰᠢᠭᠰᠡᠨ ᠪᠥᠭᠡᠳ ᠮᠡᠳᠡᠭᠡ ᠵᠠᠩᠭᠢ ᠶᠢ ᠵᠥᠪ ᠣᠨᠣᠪᠴᠢᠲᠠᠢ ᠪᠥᠭᠡᠳ ᠴᠠᠭ ᠲᠤᠬᠠᠢ ᠳᠤᠨᠢ ᠮᠡᠳᠡᠭᠦᠯᠬᠦ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠬᠠᠮᠲᠤᠷᠠᠨ ᠤᠯᠤᠰ ᠠᠴᠠ ᠲᠠᠷᠢᠶᠠᠯᠠᠩ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠭᠤᠶᠤᠴᠢᠯᠠᠭᠰᠠᠨ ᠪᠠᠶᠢᠨ᠎ᠠ᠃     ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠭᠠᠩ ᠬᠠᠭᠰᠠᠷᠠᠭᠠᠨ ᠤ ᠪᠠᠶᠢᠳᠠᠯ ᠢ ᠨᠢᠭᠲᠠ ᠠᠩᠬᠠᠷᠴᠤ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠩ ᠬᠠᠭᠰᠠᠷᠠᠭᠠᠨ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠢᠳᠡᠪᠬᠢᠲᠡᠢ ᠨᠠᠶᠢᠳᠠᠪᠤᠷᠢᠵᠢᠭᠤᠯᠵᠤ᠂ ᠭᠠᠮᠰᠢᠭ ᠤᠨ ᠬᠤᠬᠢᠷᠠᠯ ᠢ ᠠᠯᠢ ᠴᠢᠳᠠᠬᠤ ᠪᠠᠷ ᠪᠠᠭᠠᠰᠬᠠᠨ᠂ ᠮᠠᠯᠴᠢᠨ ᠲᠠᠷᠢᠶᠠᠴᠢᠨ ᠤ ᠠᠰᠢᠭ ᠲᠤᠰᠠ ᠶᠢ ᠪᠠᠲᠤᠯᠠᠨ᠎ᠠ᠃ ᠲᠤᠬᠠᠢ ᠶᠢᠨ ᠭᠠᠵᠠᠷ ᠣᠷᠣᠨ ᠤ ᠪᠣᠳᠠᠲᠤ ᠪᠠᠶᠢᠳᠠᠯ ᠳᠤᠨᠢ ᠲᠣᠬᠢᠷᠠᠭᠤᠯᠤᠨ ᠭᠠᠩ ᠬᠠᠭᠰᠠᠷᠠᠭᠠᠨ ᠲᠠᠢ ᠲᠡᠮᠡᠴᠡᠵᠦ ᠤᠰᠤ ᠬᠠᠳᠠᠭᠠᠯᠠᠬᠤ ᠡᠮ ᠨᠠᠶᠢᠷᠠᠬᠤ᠂ ᠤᠰᠤᠯᠠᠭᠰᠠᠨ ᠬᠥᠷᠥᠰᠥᠨ ᠳᠤ ᠦᠷ᠎ᠡ ᠰᠠᠴᠤᠬᠤ᠂ ᠭᠦᠢᠬᠡᠨ ᠪᠤᠯᠠᠵᠤ ᠳᠤᠰᠤᠯᠭᠠᠨ ᠤᠰᠤᠯᠠᠬᠤ᠂ ᠰᠦᠯᠢᠶᠥᠦ ᠪᠦᠷᠬᠦᠪᠴᠢ ᠪᠦᠷᠬᠦᠨ ᠳᠤᠰᠤᠯᠭᠠᠨ ᠤᠰᠤᠯᠠᠬᠤ ᠵᠡᠷᠭᠡ ᠭᠠᠩ ᠬᠠᠭᠰᠠᠷᠠᠭᠠᠨ ᠲᠠᠢ ᠲᠡᠮᠡᠴᠡᠵᠦ ᠤᠰᠤ ᠠᠷᠪᠢᠯᠠᠬᠤ ᠮᠡᠷᠭᠡᠵᠢᠯ ᠤᠨ ᠠᠷᠭ᠎ᠠ ᠶᠢ ᠬᠡᠷᠡᠭᠯᠡᠵᠦ᠂ ᠲᠠᠷᠢᠶ᠎ᠠ ᠲᠥᠮᠥᠰᠥ ᠶᠢᠨ ᠡᠯᠪᠡᠭ ᠬᠤᠷᠢᠶᠠᠯᠲᠠ ᠶᠢ ᠪᠠᠲᠤᠯᠠᠬᠤ ᠪᠠᠷ ᠬᠦᠴᠦᠯᠡᠨ ᠴᠢᠷᠮᠠᠶᠢᠬᠤ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ