ᠰᠤᠷᠭᠠᠨ ᠬᠦᠮᠦᠵᠢᠯ ᠤᠨ ᠶᠠᠮᠤᠨ ᠤ ᠠᠯᠪᠠᠨ ᠲᠢᠩᠬᠢᠮ ᠲᠦᠷᠦᠭᠦᠬᠡᠨ ᠮᠡᠳᠡᠭᠳᠡᠯ ᠪᠠᠭᠤᠯᠭᠠᠵᠤ᠂ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠠᠷᠠᠳ ᠠᠴᠠ | ᠡᠷᠬᠢᠯᠡᠭᠰᠡᠨ ᠰᠤᠷᠭᠠᠨ ᠬᠦᠮᠦᠵᠢᠯ ᠢ ᠳᠡᠮᠵᠢᠬᠦ ᠠᠵᠢᠯᠯᠠᠭ᠎ᠠ ᠶᠢ ᠬᠡᠷᠡᠭᠵᠢᠭᠦᠯᠬᠦ ᠬᠤᠯᠪᠣᠭᠳᠠᠯ ᠪᠦᠬᠦᠢ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠪᠡ᠃ ᠨᠢᠭᠡ ᠪᠦᠯᠦᠭ | ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠶᠢ ᠵᠣᠬᠢᠶᠠᠨ ᠪᠠᠶᠢᠭᠤᠯᠤᠨ ᠰᠢᠯᠢᠨ ᠰᠤᠩᠭᠤᠵᠤ᠂ ᠡᠯ᠎ᠡ ᠱᠠᠲᠤᠨ ᠤ ᠡᠯ᠎ᠡ ᠲᠥᠷᠥᠯ ᠤᠨ ᠠᠷᠠᠳ ᠠᠴᠠ | ᠡᠷᠬᠢᠯᠡᠭᠰᠡᠨ ᠰᠤᠷᠭᠠᠭᠤᠯᠢ᠂ ᠢᠯᠠᠩᠭᠤᠶ᠎ᠠ ᠠᠷᠠᠳ ᠠᠴᠠ ᠡᠷᠬᠢᠯᠡᠭᠰᠡᠨ ᠳᠡᠭᠡᠳᠦ ᠰᠤᠷᠭᠠᠭᠤᠯᠢ ᠳᠤ ᠬᠠᠨᠳᠤᠭᠤᠯᠤᠨ ᠰᠤᠷᠭᠠᠨ ᠬᠦᠮᠦᠵᠢᠯ ᠢ ᠳᠡᠮᠵᠢᠬᠦ᠂ ᠰᠤᠳᠤᠯᠭᠠᠨ ᠢ | ᠳᠡᠮᠵᠢᠬᠦ ᠠᠵᠢᠯ ᠥᠷᠨᠢᠭᠦᠯᠦᠨ᠎ᠡ᠂ ᠵᠢᠯ ᠪᠦᠷᠢ ᠪᠠᠷᠤᠭ 2 ᠲᠦᠮᠡᠨ ᠬᠦᠮᠦᠨ ᠢ ᠰᠤᠩᠭᠤᠨ ᠲᠣᠮᠢᠯᠠᠬᠤ ᠪᠠᠷ ᠲᠥᠯᠥᠪᠯᠡᠵᠤ ᠪᠠᠶᠢᠨ᠎ᠠ ᠭᠡᠵᠤ ᠲᠤᠳᠤᠷᠬᠠᠶᠢᠯᠠᠵᠠᠢ᠃ | ᠰᠦᠯᠵᠢᠶᠡᠨ ᠤ ᠪᠤᠰᠤ ᠬᠡᠯᠪᠡᠷᠢ ᠪᠠᠷ ᠰᠤᠷᠭᠠᠨ ᠬᠦᠮᠦᠵᠢᠯ ᠢ ᠳᠡᠮᠵᠢᠨ ᠰᠤᠳᠤᠯᠭᠠᠨ ᠥᠷᠨᠢᠭᠦᠯᠬᠦ ᠪᠠᠷ ᠭᠤᠶᠤᠴᠢᠯᠠᠭᠰᠠᠨ ᠠᠵᠢᠯ ᠠᠴᠠ ᠪᠠᠨ ᠠᠮᠠᠷᠠᠭᠰᠠᠨ | ᠪᠠᠭᠰᠢ ᠶᠢᠨ ᠨᠠᠰᠤ ᠨᠢ ᠡᠩ ᠤᠨ ᠪᠠᠶᠢᠳᠠᠯ ᠳᠤ 75 ︵ᠪᠠᠭᠲᠠᠨ᠎ᠠ︶ ᠨᠠᠰᠤᠨ ᠠᠴᠠ ᠳᠤᠷᠤᠭᠰᠢ ᠪᠠᠶᠢᠵᠤ᠂ ᠰᠠᠭᠤᠷᠢ ᠰᠤᠷᠭᠠᠨ ᠬᠦᠮᠦᠵᠢᠯ ᠤᠨ ᠬᠦᠷᠢᠶᠡᠨ ᠳᠤ | ᠤᠷᠤᠯᠴᠠᠬᠤ ᠪᠠᠷ ᠭᠤᠶᠤᠴᠢᠯᠠᠭᠰᠠᠳ ᠤᠨ ᠨᠠᠰᠤ ᠨᠢ ᠡᠩ ᠤᠨ ᠪᠠᠶᠢᠳᠠᠯ ᠳᠤ 70 ︵ᠪᠠᠭᠲᠠᠨ᠎ᠠ︶ ᠨᠠᠰᠤᠨ ᠠᠴᠠ ᠳᠤᠷᠤᠭᠰᠢ ᠪᠠᠶᠢᠬᠤ ᠬᠡᠷᠡᠭᠲᠡᠢ᠃ | ᠮᠡᠳᠡᠭᠳᠡᠯ ᠳᠤ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠪᠠᠷᠠᠭᠤᠨ ᠣᠷᠣᠨ᠂ ᠦᠨᠳᠦᠰᠦᠲᠡᠨ ᠤ ᠭᠠᠵᠠᠷ ᠣᠷᠣᠨ ᠤ ᠠᠷᠠᠳ ᠠᠴᠠ ᠡᠷᠬᠢᠯᠡᠭᠰᠡᠨ | ᠰᠤᠷᠭᠠᠭᠤᠯᠢ ᠳᠤ ᠣᠷᠣᠯᠴᠠᠬᠤ ᠶᠢ ᠵᠣᠷᠢᠭᠵᠢᠭᠤᠯᠵᠤ᠂ ᠠᠵᠢᠯ ᠲᠥᠷᠥᠯ᠂ ᠠᠵᠤ ᠦᠢᠯᠡᠰ᠂ ᠠᠵᠤ ᠠᠬᠤᠶᠢᠯᠠᠯ ᠤᠨ ᠳᠤᠲᠠᠭᠳᠠᠵᠤ ᠪᠠᠶᠢᠭ᠎ᠠ ᠪᠠᠴᠢᠮ ᠬᠡᠷᠡᠭᠴᠡᠭᠡ ᠲᠠᠢ | ᠲᠤᠰᠬᠠᠢ ᠮᠡᠷᠭᠡᠵᠢᠯ ᠳᠤ ᠣᠷᠣᠯᠴᠠᠬᠤ ᠶᠢ ᠵᠣᠷᠢᠭᠵᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠬᠠᠪᠰᠤᠷᠤᠨ ᠳᠤᠲᠠᠭᠤᠳᠠᠯ ᠢ ᠨᠢ ᠨᠥᠬᠦᠪᠦᠷᠢᠯᠡᠵᠤ᠂ | ᠪᠠᠭᠤᠷᠢ ᠶᠢ ᠨᠢ ᠴᠢᠩᠭᠠᠳᠬᠠᠨ᠂ ᠶᠠᠰᠤ ᠴᠢᠨᠠᠷ ᠢ ᠨᠢ ᠳᠡᠭᠡᠭᠰᠢᠯᠡᠭᠦᠯᠬᠦ ᠳᠤ ᠬᠠᠮᠵᠢᠭᠤᠯᠤᠨᠠ᠃ ᠠᠷᠠᠳ ᠠᠴᠠ ᠡᠷᠬᠢᠯᠡᠭᠰᠡᠨ ᠰᠤᠷᠭᠠᠭᠤᠯᠢ ᠶᠢᠨ ︽ᠵᠢᠯᠢᠣᠭᠤᠳᠣᠭᠴᠢ | ᠪᠠᠭᠰᠢ ᠶᠢᠨ ᠳᠥᠷᠢᠮ︾ ᠢ ᠰᠥᠪᠡᠭᠴᠢᠯᠡᠨ ᠬᠡᠷᠡᠭᠵᠢᠭᠦᠯᠬᠦ ᠶᠢ ᠵᠤᠷᠢᠭᠵᠢᠭᠤᠯᠵᠤ᠂ ᠥᠨᠳᠥᠷ ᠬᠡᠪ ᠪᠤᠯᠪᠠᠰᠤᠷᠠᠯ ᠲᠠᠢ ᠠᠵᠢᠯ ᠠᠴᠠ ᠪᠠᠨ ᠠᠮᠠᠷᠠᠭᠰᠠᠨ ᠪᠠᠭᠰᠢ ᠪᠠᠷ | ᠵᠠᠯᠠᠭᠤ ᠪᠠᠭᠰᠢ ᠶᠢᠨ ᠵᠢᠯᠤᠭᠤᠳᠤᠭᠴᠢ ᠪᠠᠭᠰᠢ ᠪᠤᠯᠭᠠᠵᠤ᠂ ᠪᠠᠭᠰᠢ ᠶᠢᠨ ᠦᠢᠯᠡᠰ ᠤᠨ ᠵᠠᠯᠭᠠᠮᠵᠢᠯᠠᠬᠤ ᠦᠢᠯᠡᠳᠦᠯ ᠢ ᠪᠠᠳᠠᠷᠠᠭᠤᠯᠤᠨ᠎ᠠ ᠭᠡᠵᠤ ᠳᠤᠷᠠᠳᠴᠠᠢ᠃ | ᠮᠡᠳᠡᠭᠳᠡᠯ ᠳᠤ ᠤᠷᠲᠤ ᠬᠤᠭᠤᠴᠠᠭ᠎ᠠ ᠪᠠᠷ ᠠᠵᠢᠯᠯᠠᠬᠤ ᠠᠵᠢᠯ ᠠᠴᠠ ᠪᠠᠨ ᠠᠮᠠᠷᠠᠭᠰᠠᠨ ᠪᠠᠭᠰᠢ ᠶᠢᠨ ᠳᠡᠮᠵᠢᠨ ᠦᠢᠯᠡᠴᠢᠯᠡᠬᠦ ᠴᠠᠭ ᠢ ᠵᠠᠷᠴᠢᠮ ᠳᠡᠭᠡᠷ᠎ᠡ ᠪᠠᠨ 1 | ᠰᠤᠷᠤᠯᠭ᠎ᠠ ᠶᠢᠨ ᠵᠢᠯ ᠠᠴᠠ ᠪᠠᠭ᠎ᠠ ᠪᠠᠶᠢᠯᠭᠠᠵᠤ ᠪᠤᠯᠬᠤ ᠦᠭᠡᠢ᠂ ᠳᠤᠰᠠᠯᠠᠮᠵᠢ ᠬᠦᠷᠲᠡᠬᠦ ᠰᠤᠷᠭᠠᠭᠤᠯᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠵᠢᠴᠢ | ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠠᠨ᠂ ᠳᠡᠮᠵᠢᠬᠦ ᠠᠵᠢᠯ ᠢ ᠠᠮᠢᠳᠤᠯᠢᠭ ᠢᠶᠠᠷ ᠥᠷᠨᠢᠭᠦᠯᠵᠤ ᠪᠤᠯᠤᠨ᠎ᠠ ᠭᠡᠵᠤ ᠲᠤᠳᠤᠷᠬᠠᠢ ᠲᠣᠭᠲᠠᠭᠠᠵᠠᠢ᠃ | | | |