ᠬᠤᠯᠠ ᠣᠶᠢᠷ᠎ᠠ ᠳᠤ ᠠᠯᠳᠠᠷᠰᠢᠭᠰᠠᠨ ᠬᠤᠷᠴᠢᠨ ᠦᠬᠡᠷ
ᠨᠡᠶᠢᠲᠡᠯᠡᠭᠰᠡᠨ ᠴᠠᠭ᠄
2024/2/21
     ᠦᠳᠡ ᠶᠢᠨ ᠡᠮᠦᠨᠡᠬᠢ 9 ᠴᠠᠭ ᠲᠤ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠱᠸᠪᠠᠷᠲᠤ ᠪᠠᠯᠭᠠᠰᠤ ᠶᠢᠨ ᠴᠧᠩ ᠹᠧᠩ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠡᠭᠦᠳᠡ ᠪᠠᠨ ᠨᠡᠬᠡᠮᠡᠭᠴᠡ ᠯᠢᠶᠤᠤᠨᠢᠩ᠂ ᠶᠦᠨᠨᠠᠨ᠂ ᠹᠦᠵᠢᠶᠠᠨ᠂ ᠭᠤᠸᠠᠩᠳᠦ᠋ᠩ᠂ ᠬᠤᠨᠠᠨ ᠵᠡᠷᠭᠡ ᠪᠦᠭᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠠᠷᠠᠯᠵᠢᠶᠠᠴᠢᠳ ᠴᠤᠪᠤᠷᠠᠯᠳᠤᠨ ᠣᠷᠣᠵᠠᠭᠠᠵᠤ᠂ ᠰᠠᠨᠠᠭᠠᠨ ᠳᠤ ᠲᠠᠭᠠᠷᠠᠬᠰᠠᠨ ︽ᠬᠤᠷᠴᠢᠨ ᠦᠬᠡᠷ︾ ᠢ ᠣᠯᠵᠤ ᠠᠪᠬᠤ ᠪᠠᠷ ᠨᠠᠭᠠᠰᠢ ᠴᠠᠭᠠᠰᠢ ᠰᠦᠯᠵᠢᠯᠳᠦᠨ᠎ᠡ᠃ ᠮᠠᠯ  ᠤᠨ ᠠᠷᠠᠯᠵᠢᠶᠠᠨ ᠤ ᠡᠳᠦᠷ ᠪᠤᠯᠬᠤ ᠪᠦᠷᠢ ᠠᠳᠡ ᠭᠦᠷ ᠬᠥᠭᠵᠢᠶᠡᠨ ᠢᠶᠠᠷ ᠪᠢᠯᠬᠠᠵᠤ᠂ ᠬᠥᠮᠥᠨ ᠬᠠᠷ᠎ᠠ ᠴᠤᠪᠤᠷᠠᠯᠳᠤᠨ᠂ ᠡᠯ᠎ᠡ ᠵᠦᠢᠯ ᠤᠨ ᠠᠴᠢᠶᠠᠨ ᠤ ᠮᠠᠰᠢᠨ ᠲᠡᠷᠭᠡ ᠵᠢᠭᠳᠡᠬᠡᠨ ᠵᠢᠭᠰᠠᠵᠤ᠂ ᠬᠠᠰᠢᠶ᠎ᠠ ᠳᠦᠭᠦᠷᠡᠩ ᠬᠤᠷᠢᠭᠠᠲᠠᠢ ᠬᠤᠷᠴᠢᠨ ᠦᠬᠡᠷ ᠬᠠᠶᠠ ᠨᠢᠭᠡ ᠮᠥᠭᠡᠷᠡᠯᠳᠦᠨ᠎ᠡ᠃ ︽ᠲᠦᠩᠯᠢᠶᠣᠣ ᠶᠢᠨ ᠬᠤᠷᠴᠢᠨ ᠦᠬᠡᠷ ᠡᠭᠦᠯᠳᠡᠷ ᠰᠠᠶᠢᠲᠠᠢ᠂ ᠭᠡᠮ ᠬᠢᠵᠢᠭ ᠢ ᠡᠰᠡᠷᠭᠦᠴᠡᠬᠦ ᠴᠢᠳᠠᠪᠤᠷᠢ ᠪᠠᠷ ᠰᠠᠶᠢᠨ ᠪᠥᠭᠡᠳ ᠦᠰᠦᠨ ᠪᠣᠶᠢᠵᠢᠬᠤ ᠨᠢ ᠲᠦᠷᠭᠡᠨ᠂ ᠲᠠᠷᠭᠤ ᠬᠦᠴᠦ ᠠᠪᠬᠤ ᠨᠢ ᠪᠠᠰᠠ ᠮᠠᠰᠢ ᠰᠠᠶᠢᠨ ᠪᠣᠯᠬᠤᠷ ᠲᠡᠵᠢᠭᠡᠪᠦᠷᠢ ᠶᠢᠨ ᠡᠷᠦᠭᠡ ᠨᠦᠭᠦᠳ ᠲᠤᠰ ᠡᠭᠦᠯᠳᠡᠷ ᠤᠨ ᠦᠬᠡᠷ ᠢ ᠲᠡᠵᠢᠭᠡᠬᠦ ᠳᠤᠷᠠᠲᠠᠢ︾ ᠭᠡᠵᠦ ᠮᠦᠭᠳᠡᠨ ᠬᠤᠲᠠ ᠠᠴᠠ ᠢᠷᠡᠭᠰᠡᠨ ᠠᠷᠠᠯᠵᠢᠶᠠᠴᠢᠨ ᠵᠤᠤ ᠢᠦᠢ ᠯᠧᠢ ᠬᠡᠯᠡᠨ᠎ᠡ᠃     ᠲᠦᠩᠯᠢᠶᠣᠣ ᠬᠤᠲᠠ ᠬᠤᠷᠴᠢᠨ ᠤ ᠲᠠᠯ᠎ᠠ ᠨᠤᠲᠤᠭ ᠤᠨ ᠥᠷᠥᠴᠡᠨ ᠳᠤ ᠣᠷᠣᠰᠢᠵᠤ᠂ ᠳᠡᠯᠡᠬᠡᠢ ᠶᠢᠨ ᠡᠷᠳᠡᠨᠢ ᠰᠢᠰᠢ ᠶᠢᠨ ᠰᠢᠵᠢᠷ ᠠᠯᠲᠠᠨ ᠪᠦᠰᠡ ᠪᠤᠯᠬᠤ ᠪᠥᠭᠡᠳ ᠳᠡᠯᠡᠬᠡᠢ ᠶᠢᠨ ᠮᠢᠬᠠᠨ ᠤ ᠦᠬᠡᠷ ᠲᠡᠵᠢᠭᠡᠬᠦ ᠰᠢᠵᠢᠷ ᠠᠯᠲᠠᠨ ᠪᠦᠰᠡ ᠪᠠᠶᠢᠵᠤ᠂ 60 ᠭᠠᠷᠤᠢ ᠵᠢᠯ ᠤᠨ ᠡᠭᠦᠯᠳᠡᠷ ᠰᠠᠶᠢᠵᠢᠷᠠᠭᠤᠯᠬᠤ ᠪᠠᠷ ᠳᠠᠮᠵᠢᠨ ︽ᠬᠤᠷᠴᠢᠨ ᠦᠬᠡᠷ︾ ᠤᠨ ᠡᠭᠦᠯᠳᠡᠷ ᠢ ᠪᠣᠶᠢᠵᠢᠭᠤᠯᠵᠤ᠂ ᠪᠦᠭᠦ ᠬᠤᠲᠠ ᠶᠢᠨ ᠮᠢᠬᠠᠨ ᠤ ᠦᠬᠡᠷ ᠤᠨ ᠠᠵᠤ ᠦᠢᠯᠡᠰ ᠢ ᠬᠥᠭᠵᠢᠭᠦᠯᠬᠦ ᠭᠤᠣᠯ ᠡᠭᠦᠯᠳᠡᠷ ᠪᠣᠯᠤᠭᠰᠠᠨ ᠪᠠᠶᠢᠨ᠎ᠠ᠃ ᠬᠤᠷᠴᠢᠨ ᠦᠬᠡᠷ ᠪᠣᠯ ᠰᠦ ᠮᠢᠬ᠎ᠠ ᠶᠢᠨ ᠬᠤᠣᠰ ᠬᠡᠷᠡᠭᠴᠡᠭᠡᠨ ᠤ ᠡᠭᠦᠯᠳᠡᠷ ᠪᠠᠶᠢᠵᠤ᠂ ᠰᠢᠷ᠎ᠠ ᠲᠠᠷᠯᠠᠨ ᠪᠤᠶᠤ ᠤᠯᠠᠭᠠᠨ ᠲᠠᠷᠯᠠᠨ ᠵᠢᠰᠦᠮ ᠲᠠᠢ᠂ ᠪᠡᠶ᠎ᠡ ᠪᠠᠶᠢᠳᠠᠯ ᠬᠦᠳᠡᠷ ᠪᠦᠳᠦᠭᠦᠨ᠂ ᠦᠰᠦᠨ ᠪᠤᠶᠢᠵᠢᠯᠲᠠ ᠲᠦᠷᠭᠡᠨ᠂ ᠲᠠᠷᠭᠤ ᠬᠦᠴᠦ ᠠᠪᠬᠤ ᠳᠤ ᠰᠠᠶᠢᠨ᠂ ᠮᠢᠬᠠᠨ ᠤ ᠭᠠᠷᠤᠯᠲᠠ ᠥᠨᠳᠥᠷ ᠵᠡᠷᠭᠡ ᠣᠨᠴᠠᠯᠢᠭ ᠲᠠᠢ ᠶᠤᠮ᠃ ᠬᠤᠷᠴᠢᠨ ᠦᠬᠡᠷ ᠤᠨ ᠮᠢᠬ᠎ᠠ ᠨᠢ ᠠᠮᠤᠷ ᠲᠦᠪᠰᠢᠨ᠂ ᠰᠢᠮ᠎ᠡ ᠲᠡᠵᠢᠭᠡᠯ ᠲᠠᠢ᠂ ᠠᠮᠲᠠ ᠰᠢᠭᠦᠰᠦ ᠰᠠᠶᠢᠲᠠᠢ ᠵᠡᠷᠭᠡ ᠤᠯᠠᠨ ᠳᠠᠪᠠᠭᠤᠯᠢᠭ ᠪᠠ ᠲᠠᠯ᠎ᠠ ᠨᠤᠲᠤᠭ ᠤᠨ ᠪᠠᠶᠢᠭᠠᠯᠢᠯᠢᠭ ᠪᠣᠬᠢᠷᠳᠤᠯ ᠦᠭᠡᠢ ᠵᠡᠷᠭᠡ ᠣᠨᠴᠠᠯᠢᠭ ᠢᠶᠠᠷ ᠢᠶᠠᠨ ᠠᠷᠠᠯᠵᠢᠶᠠᠴᠢᠳ ᠤᠨ ᠲᠠᠭᠠᠰᠢᠶᠠᠯ ᠢ ᠣᠯᠵᠤ᠂ ᠬᠤᠯᠠ ᠣᠶᠢᠷ᠎ᠠ ᠳᠤ ᠠᠯᠳᠠᠷᠰᠢᠪᠠ᠃     ᠤᠯᠠᠨ ᠵᠢᠯ ᠤᠨ ᠲᠤᠷᠰᠢ ᠲᠦᠩᠯᠢᠶᠣᠣ ᠬᠤᠲᠠ ᠬᠤᠷᠴᠢᠨ ᠦᠬᠡᠷ ᠤᠨ ᠲᠦᠷᠦᠯ ᠲᠡᠮᠳᠡᠭ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠵᠤ᠂ ︽ᠬᠤᠷᠴᠢᠨ ᠮᠢᠬᠠᠨ ᠤ ᠦᠬᠡᠷ ᠤᠨ ᠪᠠᠷᠢᠮᠵᠢᠶ᠎ᠠ︾ ᠶᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠂ ᠬᠤᠷᠴᠢᠨ ᠦᠬᠡᠷ ᠢ ᠬᠡᠪᠴᠢᠶᠡᠵᠢᠭᠦᠯᠦᠨ ᠲᠡᠵᠢᠭᠡᠬᠦ ᠨᠤᠷᠮ᠎ᠠ ᠶᠢ 40% ᠶᠢ ᠳᠠᠪᠠᠭᠤᠯᠵᠤ᠂ ᠨᠢᠲᠤᠯᠤᠨ ᠡᠳ᠋ᠰᠢᠭᠦᠯᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠤᠨ᠂ ᠮᠢᠬᠠᠨ ᠤ ᠦᠬᠡᠷ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠵᠦ᠂ ᠠᠵᠤ ᠦᠢᠯᠡᠰ ᠤᠨ ᠬᠡᠯᠬᠢᠶ᠎ᠡ ᠶᠢᠨ ᠡᠯ᠎ᠡ ᠭᠤᠭᠴᠣᠭᠠᠨ ᠤ ᠠᠰᠢᠭ ᠤᠷᠤᠯᠭ᠎ᠠ ᠶᠢ ᠳᠡᠭᠡᠭᠰᠢᠯᠡᠭᠦᠯᠦᠭᠰᠡᠭᠡᠷ ᠢᠷᠠᠵᠠᠢ᠃ ᠬᠤᠷᠴᠢᠨ ᠦᠬᠡᠷ 2016 ᠣᠨ ᠳᠤ ᠤᠯᠤᠰ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ ᠢᠶᠠᠷ ᠪᠦᠷᠢᠳᠬᠡᠭᠳᠡᠨ᠂ 2017 ᠣᠨ ᠳᠤ ︽ᠳᠤᠮᠳᠠᠳᠤ ᠤᠯᠤᠰ ᠤᠨ ᠵᠠᠭᠤᠨ ᠬᠦᠴᠦᠷᠬᠡᠭ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ  ᠶᠢᠨ ᠬᠡᠷᠡᠭᠯᠡᠭᠡᠨ ᠤ ᠲᠦᠷᠦᠯ ᠲᠡᠮᠳᠡᠭ︾ ᠢᠶᠠᠷ ᠦᠨᠡᠯᠡᠭᠳᠡᠵᠦ᠂ ᠲᠦᠷᠦᠯ ᠲᠡᠮᠳᠡᠭ ᠤᠨ ᠦᠷᠲᠡᠭ ᠨᠢ 258.1 ᠳ᠋ᠦᠡᠭᠰᠢᠭᠤᠷ ᠲᠥᠭᠦᠷᠢᠭ ᠲᠤ ᠬᠦᠷᠴᠦ᠂ ᠮᠠᠨ ᠤ ᠣᠷᠣᠨ ᠤ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ ᠲᠡᠷᠢᠭᠦᠨ ᠳᠤ ᠤᠷᠤᠪᠠ; 2019 ᠣᠨ ᠳᠤ ᠳᠤᠮᠳᠠᠳᠤ ᠤᠯᠤᠰ ᠤᠨ ᠬᠥᠳᠡᠭᠡ ᠠᠵᠤ ᠠᠬᠤᠢ  ᠶᠢᠨ ᠲᠦᠷᠦᠯ ᠲᠡᠮᠳᠡᠭ ᠤᠨ ᠨᠡᠷᠡᠰ ᠲᠤ ᠰᠣᠩᠭᠤᠭᠳᠠᠵᠤ᠂ ᠨᠢᠳᠤᠨᠤᠨ ᠬᠤᠷᠴᠢᠨ ᠦᠬᠡᠷ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ  ᠤᠨ ᠦᠷᠲᠡᠭ ᠨᠡᠮᠡᠭᠳᠡᠭᠡᠳ 265.23 ᠳ᠋ᠦᠡᠭᠰᠢᠭᠤᠷ ᠲᠥᠭᠦᠷᠢᠭ ᠬᠦᠷᠴᠡᠢ᠃ ᠲᠡᠷᠡ ᠮᠥᠷᠲᠡᠭᠡᠨ ᠤᠯᠤᠰ ᠤᠨ ᠬᠥᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠠᠴᠠ ᠲᠦᠩᠯᠢᠶᠣᠣ ᠬᠤᠲᠠ ᠶᠢ ︽ᠬᠤᠷᠴᠢᠨ ᠦᠬᠡᠷ︾ ᠤᠨ ᠳᠤᠮᠳᠠᠳᠤ ᠤᠯᠤᠰ ᠤᠨ ᠥᠪᠡᠷᠮᠢᠴᠡ ᠣᠨᠴᠠᠯᠢᠭ ᠲᠠᠢ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠳᠠᠪᠠᠭᠤᠯᠢᠭᠲᠤ ᠣᠷᠣᠨ᠂ ᠬᠤᠷᠴᠢᠨ ᠮᠢᠬᠠᠨ ᠤ ᠦᠬᠡᠷ ᠤᠨ ᠠᠵᠤ ᠦᠢᠯᠡᠰ ᠤᠨ ᠪᠦᠯᠦᠭᠵᠢᠯ ᠤᠨ ᠭᠤᠣᠯᠯᠠᠬᠤ ᠣᠷᠣᠨ ᠢᠶᠠᠷ ᠲᠣᠭᠲᠠᠭᠠᠪᠠ᠃     ᠲᠦᠩᠯᠢᠶᠣᠣ ᠬᠤᠲᠠ ︽ᠬᠤᠷᠴᠢᠨ ᠮᠢᠬᠠᠨ ᠤ ᠦᠬᠡᠷ ᠤᠨ ᠡᠭᠦᠯᠳᠡᠷ ᠤᠨ ᠱᠠᠭᠠᠷᠳᠠᠯᠭ᠎ᠠ︾ ᠵᠡᠷᠭᠡ ᠬᠤᠷᠴᠢᠨ ᠦᠬᠡᠷ ᠤᠨ 28 ᠵᠦᠢᠯ ᠤᠨ ᠪᠠᠷᠢᠮᠵᠢᠶ᠎ᠠ ᠶᠢ ᠲᠣᠭᠲᠠᠭᠠᠵᠤ᠂ ᠪᠦᠭᠦ ᠤᠯᠤᠰ ᠲᠤ ᠡᠩ ᠲᠡᠷᠢᠭᠦᠨ ᠳᠤ ︽ᠲᠦᠩᠯᠢᠶᠣᠣ ᠬᠤᠲᠠ ᠶᠢᠨ ᠮᠢᠬᠠᠨ ᠤ ᠦᠬᠡᠷ ᠤᠨ ᠶᠠᠰᠤ ᠴᠢᠨᠠᠷ ᠤᠨ ᠠᠮᠤᠷ ᠲᠦᠪᠰᠢᠨ ᠤ ᠮᠥᠷᠳᠡᠯᠲᠡ  ᠶᠢᠨ ᠰᠢᠰᠲ᠋ᠧᠮ︾ ᠢ ᠪᠠᠶᠢᠭᠤᠯᠪᠠ᠃ ᠲᠣᠰ ᠰᠢᠰᠲ᠋ᠧᠮ ᠳᠡᠭᠡᠨ ᠮᠢᠬᠠᠨ ᠤ ᠦᠬᠡᠷ ᠤᠨ ᠪᠦᠭᠦ ᠠᠵᠤ ᠦᠢᠯᠡᠰ ᠢ ᠬᠠᠮᠤᠷᠴᠤ᠂ ᠲᠦᠩᠯᠢᠶᠣᠣ ᠬᠤᠲᠠ ᠶᠢᠨ ᠮᠢᠬᠠᠨ ᠤ ᠦᠬᠡᠷ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠮᠢᠬᠠᠨ ᠤ ᠦᠬᠡᠷ ᠤᠨ ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ᠂ ᠣᠶᠤᠨᠴᠢᠯᠠᠯᠲᠠ ᠪᠠ ᠣᠳᠣᠬᠢᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠂ ᠠᠮᠢᠳᠤ ᠦᠬᠡᠷ ᠪᠠ ᠦᠬᠡᠷ ᠤᠨ ᠮᠢᠬᠠᠨ ᠤ ᠪᠦᠲᠦᠭᠡᠭᠳᠡᠬᠦᠨ ᠤ ᠶᠠᠰᠤ ᠴᠢᠨᠠᠷ ᠢ ᠮᠥᠷᠳᠡᠵᠦ ᠲᠠᠶᠢᠯᠭᠦ ᠶᠢ ᠪᠡᠶᠡᠯᠡᠭᠦᠯᠵᠦ᠂ ︽ᠢᠨᠲ᠋ᠧᠷ ᠰᠦᠯᠵᠢᠶ᠎ᠡ + ᠮᠢᠬᠠᠨ ᠤ ᠦᠬᠡᠷ︾ ᠤᠨ ᠠᠵᠤ ᠦᠢᠯᠡᠰ ᠤᠨ ᠰᠢᠨ᠎ᠡ ᠬᠡᠪ ᠵᠠᠭᠪᠤᠷ ᠢ ᠡᠭᠦᠳᠴᠦ᠂ ᠠᠮᠢᠳᠤ ᠦᠬᠡᠷ ᠪᠠ ᠦᠬᠡᠷ ᠤᠨ ᠮᠢᠬᠠᠨ ᠤ ᠪᠦᠲᠦᠭᠡᠭᠳᠡᠬᠦᠨ ᠢ ᠰᠦᠯᠵᠢᠶᠡᠨ ᠳᠡᠭᠡᠷ᠎ᠡ ᠠᠷᠠᠯᠵᠢᠶᠠᠯᠠᠬᠤ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠦᠢᠯᠡᠳᠪᠦᠷᠢᠯᠡᠯ ᠪᠠ ᠡᠷᠭᠢᠯᠲᠡ ᠶᠢᠨ ᠪᠠᠶᠢᠳᠠᠯ ᠢ ᠴᠠᠭ ᠲᠤᠬᠠᠢ ᠳᠤᠨᠢ ᠪᠠᠶᠢᠴᠠᠭᠠᠨ ᠦᠵᠡᠵᠦ ᠳᠡᠶᠢᠯᠭᠦ ᠪᠣᠯᠵᠤ᠂ 10 ᠲᠦᠮᠡᠨ ᠮᠢᠬᠠᠨ ᠤ ᠦᠬᠡᠷ ᠢ ᠮᠥᠷᠳᠡᠵᠦ ᠲᠠᠶᠢᠯᠭᠦ ᠴᠢᠳᠠᠪᠤᠷᠢ ᠶᠢ ᠪᠦᠷᠢᠯᠳᠦᠭᠦᠯᠪᠡ᠃     ᠡᠨᠡ ᠵᠢᠯ ᠲᠦᠩᠯᠢᠶᠣᠣ ᠬᠤᠲᠠ ᠦᠷᠭᠦᠯᠵᠢᠯᠡᠨ ᠲᠦᠷᠦᠯ ᠲᠡᠮᠳᠡᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠷᠴᠢᠨ ᠦᠬᠡᠷ ᠤᠨ ᠲᠦᠷᠦᠯ ᠲᠡᠮᠳᠡᠭ ᠤᠨ ᠪᠠᠶᠢᠭᠤᠯᠤᠯᠲᠠ ᠳᠤ ᠲᠠᠰᠤᠷᠠᠯᠲᠠ ᠦᠭᠡᠢ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ ᠪᠠᠶᠢᠨ᠎ᠠ᠃ ᠲᠦᠷᠦᠯ ᠲᠡᠮᠳᠡᠭ ᠢ ᠬᠦᠴᠦᠷᠬᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ︽ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ + ᠠᠵᠤ ᠠᠬᠤᠶᠢᠯᠠᠯ ᠤᠨ ᠲᠥᠷᠥᠯ ᠲᠡᠮᠳᠡᠭ + ᠪᠦᠲᠦᠭᠡᠭᠳᠡᠬᠦᠨ ᠤ ᠲᠦᠷᠦᠯ ᠲᠡᠮᠳᠡᠭ︾ ᠤᠨ ᠬᠥᠭᠵᠢᠯᠲᠡ ᠶᠢᠨ ᠰᠡᠳᠬᠢᠮᠵᠢ ᠶᠣᠰᠣᠭᠠᠷ᠂ ︽ᠬᠤᠷᠴᠢᠨ ᠦᠬᠡᠷ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ  ᠲᠤ ᠲᠦᠰᠢᠭᠯᠡᠨ ᠪᠦᠭᠦ ᠤᠯᠤᠰ ᠪᠦᠭᠦ ᠣᠷᠣᠨ ᠳᠤ ᠨᠥᠯᠥᠭᠡᠯᠡᠬᠦ ᠬᠦᠴᠦᠨ ᠲᠠᠢ ᠨᠢᠭᠡ ᠪᠦᠯᠦᠭ ᠠᠵᠤ ᠠᠬᠤᠶᠢᠯᠠᠯ ᠤᠨ ᠲᠥᠷᠥᠯ ᠲᠡᠮᠳᠡᠭ ᠪᠠ ᠪᠦᠲᠦᠭᠡᠭᠳᠡᠬᠦᠨ ᠤ ᠲᠥᠷᠥᠯ ᠲᠡᠮᠳᠡᠭ ᠢ ᠪᠠᠶᠢᠭᠤᠯᠬᠤ ᠪᠠᠷ ᠴᠢᠷᠮᠠᠶᠢᠵᠤ ᠪᠠᠶᠢᠨ᠎ᠠ᠃ ᠦᠬᠡᠷ ᠤᠨ ᠮᠢᠬᠠᠨ ᠤ ᠲᠥᠷᠥᠯ ᠤᠨ ᠪᠣᠬᠢᠷᠳᠤᠯ ᠦᠭᠡᠢ ᠢᠳᠡᠭᠡᠨ᠂ ᠣᠷᠭᠠᠨᠢᠭ ᠬᠥᠳᠡᠭᠡ ᠠᠵᠤ ᠠᠬᠤᠢ  ᠶᠢᠨ ᠪᠦᠲᠦᠭᠡᠭᠳᠡᠬᠦᠨ ᠪᠠ ᠭᠠᠵᠠᠷ ᠵᠦᠢ ᠶᠢᠨ ᠢᠯᠡᠷᠬᠡᠶᠢᠯᠡᠯᠲᠦ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠭᠡᠷᠡᠴᠢᠯᠡᠯ ᠬᠠᠮᠢᠶᠠᠷᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ 50 ᠲᠦᠮᠡᠨ ᠮᠢᠬᠠᠨ ᠤ ᠦᠬᠡᠷ ᠤᠨ ᠪᠣᠬᠢᠷᠳᠤᠯ ᠦᠭᠡᠢ ᠢᠳᠡᠭᠡᠨ ᠤ ᠲᠦᠭᠦᠬᠡᠢ ᠮᠠᠲ᠋ᠧᠷᠢᠶᠠᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃     ᠲᠦᠷᠦᠯ ᠲᠡᠮᠳᠡᠭ ᠤᠨ ᠤᠬᠠᠭᠤᠯᠭ᠎ᠠ ᠶᠢ ᠴᠢᠩᠭᠠᠳᠬᠠᠨ᠂ ︽ᠬᠤᠷᠴᠢᠨ ᠦᠬᠡᠷ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠵᠠᠷ ᠮᠡᠳᠡᠭᠡ ᠶᠢ ᠵᠣᠬᠢᠶᠠᠨ ᠦᠢᠯᠡᠳᠴᠦ᠂ ᠡᠯ᠎ᠡ ᠱᠠᠲᠤᠨ ᠤ ᠭᠤᠣᠯ ᠵᠠᠭᠤᠴᠢᠯᠠᠭᠤᠷ ᠵᠢᠴᠢ ᠲᠦᠩᠯᠢᠶᠣᠣ ᠬᠤᠲᠠ  ᠶᠢᠨ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡᠨ ᠤ ᠡᠯᠧᠺᠲᠷᠣᠨ ᠳᠡᠯᠭᠡᠴᠡ ᠳᠡᠭᠡᠷ᠎ᠡ ︽ᠬᠤᠷᠴᠢᠨ ᠦᠬᠡᠷ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ᠂ ᠤᠷᠢᠶ᠎ᠠ ᠯᠣᠽᠦ᠋ᠩ  ᠢ ᠨᠠᠪᠲᠠᠷᠡᠭᠦᠯᠵᠦ᠂ ᠣᠯᠠᠨ ᠲᠠᠯ᠎ᠠ ᠶᠢᠨ ᠤᠬᠠᠭᠤᠯᠭ᠎ᠠ ᠬᠢᠵᠦ ᠪᠠᠶᠢᠨ᠎ᠠ᠃ ᠥᠪᠥᠷ ᠮᠣᠩᠭᠤᠯ ᠤᠨ ᠦᠨᠦᠷ ᠠᠮᠲᠠ᠂ 22 ᠳ᠋ᠤᠭᠠᠷ ᠬᠤᠭᠤᠴᠠᠭᠠᠨ ᠤ ᠳᠤᠮᠳᠠᠳᠤ ᠤᠯᠤᠰ  ᠤᠨ ᠪᠣᠬᠢᠷᠳᠤᠯ ᠦᠭᠡᠢ ᠢᠳᠡᠭᠡᠨ ᠤ ᠦᠵᠡᠰᠭᠦᠯᠡᠩ ᠵᠡᠷᠭᠡ ᠮᠤᠵᠢ ᠶᠠᠮᠤᠨ ᠤ ᠲᠠᠰ ᠤᠨ ᠦᠵᠡᠰᠭᠦᠯᠡᠩ ᠳᠤ ᠢᠳᠡᠪᠬᠢᠲᠡᠢ ᠣᠷᠣᠯᠴᠠᠭᠤᠯᠤᠨ᠂ ᠬᠤᠷᠴᠢᠨ ᠦᠬᠡᠷ ᠤᠨ ᠮᠢᠬᠠᠨ ᠤ ᠣᠨᠴᠠᠯᠢᠭᠲᠤ ᠪᠦᠲᠦᠭᠡᠭᠳᠡᠬᠦᠨ ᠢ ᠪᠦᠭᠦ ᠲᠠᠯ᠎ᠠ ᠪᠠᠷ ᠳᠡᠯᠭᠡᠨ ᠲᠠᠨᠢᠯᠴᠠᠭᠤᠯᠵᠤ᠂ ᠲᠦᠩᠯᠢᠶᠣᠣ ᠶᠢᠨ ᠦᠬᠡᠷ ᠤᠨ ᠮᠢᠬᠠᠨ ᠤ ᠪᠦᠲᠦᠭᠡᠭᠳᠡᠬᠦᠨ ᠤ ᠣᠨᠴᠠᠯᠢᠭᠲᠤ ᠲᠥᠷᠥᠯ ᠲᠡᠮᠳᠡᠭ ᠢ ᠤᠯᠠᠮ ᠠᠯᠳᠠᠷᠰᠢᠭᠤᠯᠬᠤ ᠪᠠᠷ ᠴᠢᠷᠮᠠᠶᠢᠵᠤ ᠪᠠᠶᠢᠨ᠎ᠠ᠃     ᠦᠬᠡᠷ ᠤᠨ ᠮᠢᠬᠠᠨ ᠤ ᠶᠠᠰᠤ ᠴᠢᠨᠠᠷ ᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠠᠵᠢᠯ ᠢ ᠥᠷᠨᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠪᠦᠰᠡ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠬᠤ ᠲᠥᠪ ᠵᠡᠷᠭᠡ ᠪᠠᠶᠢᠭᠤᠯᠤᠮᠵᠢ ᠳᠤ ᠲᠦᠰᠢᠭᠯᠡᠨ ᠬᠤᠷᠴᠢᠨ ᠦᠬᠡᠷ ᠤᠨ ᠮᠢᠬᠠᠨ ᠤ ᠰᠢᠮ᠎ᠡ ᠲᠡᠵᠢᠭᠡᠯ ᠤᠨ ᠶᠠᠰᠤ ᠴᠢᠨᠠᠷ ᠢ ᠰᠢᠯᠭᠠᠨ ᠪᠠᠶᠢᠴᠠᠭᠠᠵᠤ ᠦᠨᠡᠯᠡᠨ ᠲᠣᠭᠲᠠᠭᠠᠬᠤ ᠠᠵᠢᠯ ᠥᠷᠨᠢᠭᠦᠯᠵᠦ᠂ ᠬᠤᠷᠴᠢᠨ ᠦᠬᠡᠷ ᠤᠨ ᠮᠢᠬᠠᠨ ᠤ ᠰᠢᠮ᠎ᠡ ᠲᠡᠵᠢᠭᠡᠯ ᠤᠨ ᠣᠨᠴᠠᠯᠢᠭ ᠢ ᠰᠤᠳᠤᠯᠤᠨ ᠠᠭᠤᠳᠠᠯᠵᠤ᠂ ︽ᠬᠤᠷᠴᠢᠨ ᠦᠬᠡᠷ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠤᠬᠠᠭᠤᠯᠭ᠎ᠠ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠵᠤ ᠪᠠᠶᠢᠨ᠎ᠠ᠃     ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠤᠯᠭᠠᠬᠤ ᠵᠠᠷᠴᠢᠮ ᠢ ᠪᠠᠷᠢᠮᠲᠠᠯᠠᠨ᠂ ᠮᠢᠬᠠᠨ ᠤ ᠦᠬᠡᠷ ᠢ ᠨᠢᠲᠤᠯᠬᠤ ᠡᠳ᠋ᠰᠢᠭᠦᠯᠬᠦ ᠠᠵᠤ ᠠᠬᠤᠶᠢᠯᠠᠯ ᠤᠨ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠮᠥᠷᠳᠡᠬᠦ ᠠᠵᠢᠯᠯᠠᠭᠠᠨ ᠤ ᠳᠦᠷᠢᠮ ᠶᠣᠰᠣᠭᠠᠷ᠂ ᠲᠣᠰ ᠪᠡᠶ᠎ᠡ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠮᠥᠷᠳᠡᠯᠲᠡ ᠶᠢᠨ ᠰᠢᠰᠲ᠋ᠧᠮ ᠢ ᠪᠡᠶ᠎ᠡ ᠪᠠᠨ ᠳᠠᠭᠠᠭᠠᠨ ᠪᠠᠶᠢᠭᠤᠯᠬᠤ ᠶᠢ ᠠᠬᠢᠭᠤᠯᠵᠤ᠂ ᠡᠨᠡ ᠵᠢᠯ ᠬᠤᠲᠠ ᠶᠢᠨ ᠱᠠᠲᠤᠨ ᠠᠴᠠ ᠳᠡᠭᠡᠭᠰᠢᠬᠢ ᠮᠢᠬᠠᠨ ᠤ ᠦᠬᠡᠷ ᠤᠨ ᠳᠠᠭᠠᠭᠤᠯᠤᠭᠴᠢ ᠠᠵᠤ ᠠᠬᠤᠶᠢᠯᠠᠯ ᠤᠨ ᠡᠯ᠎ᠡ ᠵᠦᠢᠯ ᠤᠨ ᠪᠦᠲᠦᠭᠡᠭᠳᠡᠬᠦᠨ ᠢ ᠮᠥᠷᠳᠡᠵᠦ ᠳᠡᠶᠢᠯᠭᠦ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠶᠠᠰᠤ ᠴᠢᠨᠠᠷ ᠤᠨ ᠪᠠᠷᠢᠮᠵᠢᠶ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠰᠢᠢᠳᠬᠡᠨ ᠲᠣᠷᠭᠠᠵᠤ ᠬᠠᠷᠢᠭᠤᠴᠠᠯᠭ᠎ᠠ ᠨᠡᠬᠡᠮᠵᠢᠯᠡᠬᠦ ᠬᠠᠮᠠᠭᠠᠯᠠᠯᠲᠠ ᠶᠢᠨ ᠲᠣᠣᠷ ᠢ ᠪᠠᠶᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠢ ᠪᠠᠲᠤ ᠰᠠᠬᠢᠵᠤ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ